ᠲᠡᠮᠦᠷ ᠵᠠᠮ  ᠤᠨ ᠵᠡᠭᠦᠨᠳᠡᠬᠢ ᠵᠡᠭᠡᠯᠢ ᠭᠤᠳᠤᠮᠵᠢ ᠬᠠᠭᠤᠴᠢᠨ ᠨᠤᠷᠠᠬᠤ ᠠᠶᠤᠯᠲᠠᠢ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠡᠢ
ᠨᠡᠶᠢᠲᠡᠯᠡᠭᠰᠡᠨ ᠴᠠᠭ᠄
2023/8/15
      ᠬᠠᠷᠢᠶᠠᠲᠤ ᠣᠷᠣᠨ ᠤ ᠨᠤᠷᠠᠬᠤ ᠠᠶᠤᠯᠲᠠᠶ ᠬᠠᠭᠤᠴᠢᠨ ᠬᠡᠷ ᠪᠠᠶᠢᠰᠢᠩ ᠢ ᠵᠢᠭᠰᠠᠭᠠᠨ ᠪᠠᠶᠢᠴᠠᠭᠠᠬᠤ ᠠᠵᠢᠯ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠬᠠᠷᠢᠶᠠᠲᠤ ᠣᠷᠣᠨ ᠤ ᠨᠤᠷᠠᠬᠤ ᠠᠶᠤᠯᠲᠠᠶ ᠬᠠᠭᠤᠴᠢᠨ ᠬᠡᠷ ᠪᠠᠶᠢᠰᠢᠩ ᠳᠤ ᠠᠮᠤᠷ ᠲᠦᠪᠰᠢᠨ ᠤ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠶ᠃ ᠤᠢᠢᠷ᠎ᠠ ᠶᠢᠨ ᠡᠳᠦᠷ ᠤᠳ ᠲᠤ᠂ ᠲᠡᠮᠦᠷ ᠵᠠᠮ  ᠤᠨ ᠵᠡᠭᠦᠨᠳᠡᠬᠢ ᠵᠡᠭᠡᠯᠢ ᠭᠤᠳᠤᠮᠵᠢ ᠶᠢᠨ ᠦ᠋ ᠯᠢ ᠨᠡᠶᠢᠭᠡᠮ ᠲᠣᠭᠤᠷᠢᠭ ᠤᠨ ᠬᠢᠨ ᠬᠠᠷᠢᠶ᠎ᠠ ᠲᠣᠭᠤᠷᠢᠭ ᠲᠤ ᠭᠦᠨᠵᠡᠭᠡᠶᠢᠷᠡᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠪᠠᠶᠢᠴᠠᠭᠠᠬᠤ ᠠᠵᠢᠯ ᠢ ᠥᠷᠨᠢᠭᠦᠯᠵᠦ᠂ ᠬᠠᠷᠢᠶ᠎ᠠ ᠲᠣᠭᠤᠷᠢᠭ ᠤᠨ ᠤᠯᠠᠨ ᠲᠦᠮᠡᠨ ᠳᠤ ᠠᠮᠤᠷ ᠲᠦᠪᠰᠢᠨ᠂ ᠲᠣᠭᠲᠠᠭᠤᠨ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠴᠡᠢ᠃      ᠵᠢᠭᠰᠠᠭᠠᠨ ᠪᠠᠶᠢᠴᠠᠭᠠᠬᠤ ᠶᠠᠪᠤᠴᠠ ᠳᠤ᠂ ᠲᠡᠮᠦᠷ ᠵᠠᠮ  ᠤᠨ ᠵᠡᠭᠦᠨᠳᠡᠬᠢ ᠵᠡᠭᠡᠯᠢ ᠭᠤᠳᠤᠮᠵᠢ ᠶᠢᠨ ᠬᠢᠨ ︽ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ ︾ ᠪᠠᠶᠢᠬᠤ ᠶᠢ ᠪᠠᠷᠢᠮᠲᠠᠯᠠᠵᠤ᠂ ᠨᠢᠭᠡ ᠨᠢᠭᠡ  ᠡᠷᠦᠬᠡ ᠳᠤ ᠣᠷᠣᠭᠤᠯᠤᠨ ᠵᠢᠭᠰᠠᠭᠠᠨ ᠪᠠᠶᠢᠴᠠᠭᠠᠵᠤ᠂ ᠳᠡᠩᠰᠡᠯᠡᠨ ᠲᠡᠮᠳᠡᠭᠯᠡᠵᠦ᠂ ᠵᠢᠭᠰᠠᠭᠠᠨ ᠪᠠᠶᠢᠴᠠᠭᠠᠬᠤ ᠳᠤ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠶᠢ ᠦᠨᠡᠨ ᠬᠦ ᠪᠠᠲᠤᠯᠠᠪᠠ᠃ ᠲᠤᠰᠬᠠᠶ ᠬᠥᠮᠦᠨ ᠢᠶᠠᠷ ᠬᠠᠷᠢᠭᠤᠴᠠᠭᠤᠯᠤᠨ ᠡᠳᠦᠷ ᠪᠦᠷᠢ ᠶᠢᠨ ᠳᠡᠭᠡᠭᠰᠢ ᠮᠡᠳᠡᠭᠦᠯᠦᠭᠰᠡᠨ ᠪᠠᠶᠢᠳᠠᠯ ᠢ ᠬᠤᠷᠢᠶᠠᠩᠭᠤᠶᠢᠯᠠᠵᠤ᠂ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃      ᠡᠭᠦᠨ ᠤ ᠬᠠᠮᠲᠤ ᠬᠠᠷᠢᠶ᠎ᠠ ᠣᠷᠣᠨ ᠤ ᠬᠡᠷ ᠪᠠᠶᠢᠰᠢᠩ ᠢ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠵᠤ᠂ ᠲᠤᠭ᠎ᠠ ᠪᠦᠷᠢᠳᠬᠡᠯ ᠢ ᠨᠢ ᠲᠣᠳᠣᠷᠬᠠᠶᠢᠯᠠᠵᠤ᠂ ᠪᠠᠶᠢᠳᠠᠯ ᠢ ᠨᠢ ᠲᠣᠳᠣᠷᠬᠠᠶᠢᠯᠠᠵᠤ᠂ ᠲᠤᠭ᠎ᠠ ᠪᠠᠷᠢᠮᠲᠠ ᠶᠢ ᠨᠢ ᠣᠨᠣᠪᠴᠢᠲᠠᠶ ᠪᠠᠶᠢᠯᠭᠠᠨ᠎ᠠ᠃ ᠡᠭᠦᠨ ᠤ ᠬᠠᠮᠲᠤ᠂ ᠬᠠᠷᠢᠶᠠᠲᠤ ᠣᠷᠣᠨ ᠤ ᠣᠯᠠᠨ ᠲᠦᠮᠡᠨ ᠳᠤ ᠠᠩᠬᠠᠷᠬᠤ  ᠵᠤᠶᠢᠯᠡᠰ ᠢ ᠢᠳᠡᠪᠬᠢᠲᠡᠶ ᠪᠠᠷ ᠤᠬᠠᠭᠤᠯᠵᠤ᠂ ᠰᠠᠭᠤᠭᠠᠯᠢ ᠡᠷᠦᠬᠡ ᠳᠤ ᠭᠠᠮᠰᠢᠭ ᠠᠴᠠ ᠵᠠᠶᠢᠯᠠᠬᠤ ᠪᠠ ᠠᠶᠤᠯ ᠠᠴᠠ ᠵᠠᠶᠢᠯᠠᠬᠤ ᠤᠬᠠᠮᠰᠠᠷ ᠢᠶᠠᠨ ᠳᠡᠭᠡᠭᠰᠢᠯᠡᠭᠦᠯᠬᠦ ᠶᠢ ᠰᠠᠨᠠᠭᠤᠯᠵᠤ᠂ ᠬᠦᠨᠳᠦ ᠨᠣᠴᠢᠲᠠᠶ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠬᠡᠷ ᠪᠠᠶᠢᠰᠢᠩ ᠢ ᠬᠡᠷᠡᠭᠯᠡᠬᠦ ᠪᠠᠨ ᠳᠠᠷᠤᠶ ᠲᠦᠷᠭᠡᠨ ᠵᠣᠭᠰᠣᠭᠠᠵᠤ᠂ ᠬᠥᠮᠦᠨ ᠨᠢ ᠨᠤᠷᠠᠬᠤ ᠠᠶᠤᠯᠲᠠᠶ ᠬᠡᠷ ᠪᠠᠶᠢᠰᠢᠩ ᠳᠤ ᠣᠷᠣᠬᠤ ᠥᠬᠡᠶ᠂ ᠨᠤᠷᠠᠬᠤ ᠠᠶᠤᠯᠲᠠᠶ ᠬᠡᠷ ᠪᠠᠶᠢᠰᠢᠩ ᠳᠤ ᠬᠥᠮᠦᠨ ᠰᠠᠭᠤᠬᠤ ᠥᠬᠡᠶ ᠪᠠᠶᠢᠬᠤ ᠶᠢ ᠡᠷᠡᠰ ᠪᠡᠶᠡᠯᠡᠭᠦᠯᠬᠦ ᠬᠡᠷᠡᠭᠲᠡᠶ᠃       ᠲᠠᠷᠠᠭᠠᠴᠢ ᠶᠢᠨ ᠠᠯᠬᠤᠮ ᠳᠤ᠂ ᠲᠡᠮᠦᠷ ᠵᠠᠮ  ᠤᠨ ᠵᠡᠭᠦᠨᠳᠡᠬᠢ  ᠵᠡᠭᠡᠯᠢ ᠭᠤᠳᠤᠮᠵᠢ ᠶᠢᠨ ᠬᠢᠨ ᠬᠠᠭᠤᠴᠢᠨ ᠨᠤᠷᠠᠬᠤ ᠠᠶᠤᠯᠲᠠᠢ ᠭᠡᠷ ᠪᠠᠶᠢᠰᠢᠩ ᠢ ᠵᠢᠭᠰᠠᠭᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠠᠭᠤᠴᠢᠨ ᠨᠤᠷᠠᠬᠤ ᠠᠶᠤᠯᠲᠠᠢ ᠭᠡᠷ ᠪᠠᠶᠢᠰᠢᠩ ᠢ ᠵᠢᠭᠰᠠᠭᠠᠨ ᠪᠠᠶᠢᠴᠠᠭᠠᠬᠤ ᠠᠵᠢᠯ ᠢ ᠤᠯᠠᠮ ᠴᠢᠨᠠᠭᠰᠢᠳᠠ ᠭᠦᠨᠵᠡᠭᠡᠢ ᠨᠠᠷᠢᠨ ᠨᠢᠮᠪᠠᠢ᠂ ᠦᠨᠡᠨ ᠠᠴᠠ ᠵᠥᠪ ᠢ ᠡᠷᠢᠵᠦ ᠰᠠᠶᠢᠲᠤᠷ ᠬᠢᠵᠦ᠂ ᠤᠯᠠᠨ ᠲᠦᠮᠡᠨ ᠢ ᠰᠠᠭᠤᠬᠤ ᠠᠴᠠ ᠣᠷᠣᠨ ᠰᠠᠭᠤᠴᠠ ᠲᠠᠢ᠂ ᠰᠠᠭᠤᠬᠤ ᠳᠤ ᠲᠣᠬᠢᠷᠠᠮᠵᠢᠲᠠᠢ ᠪᠣᠯᠭᠠᠨ᠎ᠠ᠃    
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ