ᠰᠢᠶᠠᠩ ᠶᠠᠩ ᠵᠡᠭᠡᠯᠢ ᠭᠤᠳᠤᠮᠵᠢ ᠦᠶᠡᠷ ᠢ ᠰᠡᠷᠭᠡᠶᠢᠯᠡᠬᠦ ᠨᠤᠷᠠᠬᠤ ᠠᠶᠤᠯᠲᠠᠶ ᠬᠡᠷ ᠪᠠᠶᠢᠰᠢᠩ ᠢ ᠵᠢᠭᠰᠠᠭᠠᠨ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2023/8/15
      ᠣᠶᠢᠷ᠎ᠠ ᠳᠤ ᠰᠢᠷᠦᠭᠦᠨ ᠪᠣᠷᠣᠭᠠᠨ ᠦᠷᠭᠦᠯᠵᠢᠯᠡᠵᠦ᠂ ᠲᠣᠰᠬᠤᠨ ᠤ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠰᠢᠶᠠᠩ ᠶᠠᠩ ᠵᠡᠭᠡᠯᠢ ᠭᠤᠳᠤᠮᠵᠢ ᠶᠢᠨ ᠬᠢᠨ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠵᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃      ᠵᠢᠭᠰᠠᠭᠠᠨ ᠪᠠᠶᠢᠴᠠᠭᠠᠬᠤ ᠶᠠᠪᠤᠴᠠ ᠳᠤ᠂ ᠰᠢᠶᠠᠩ ᠶᠠᠩ ᠵᠡᠭᠡᠯᠢ ᠭᠤᠳᠤᠮᠵᠢ ᠶᠢᠨ ᠠᠵᠢᠯᠲᠠᠳ ᠪᠣᠷᠣᠭᠠᠨ ᠣᠷᠣᠬᠤ ᠦᠶ᠎ᠡ ᠳᠤ᠂ ᠲᠣᠰᠬᠤᠨ ᠤ ᠠᠷᠠᠳ ᠤᠨ ᠬᠡᠷ ᠲᠤ ᠨᠤᠷᠠᠬᠤ ᠠᠶᠤᠯᠲᠠᠶ ᠬᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠨ ᠦᠵᠡᠬᠦ ᠶᠢᠨ ᠬᠠᠮᠲᠤ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠵᠢᠭᠰᠠᠭᠠᠨ ᠪᠠᠶᠢᠴᠠᠭᠠᠬᠤ ᠳᠤ ᠥᠯᠥ ᠣᠨᠣᠭᠳᠠᠬᠤ ᠭᠠᠵᠠᠷ ᠦᠯᠡᠳᠡᠭᠡᠬᠦ ᠥᠬᠡᠶ ᠪᠠᠶᠢᠬᠤ ᠶᠢ ᠦᠨᠡᠨ ᠬᠦ ᠪᠠᠲᠤᠯᠠᠪᠠ᠃      ᠡᠭᠦᠨ ᠤ ᠬᠠᠮᠲᠤ ᠲᠣᠰᠬᠤᠨ ᠤ ᠠᠷᠠᠳ ᠲᠤ ᠦᠶᠡᠷ ᠤᠨ ᠬᠤᠭᠤᠴᠠᠭᠠᠨ ᠤ ᠠᠩᠬᠠᠷᠬᠤ ᠵᠦᠢᠯᠡᠰ ᠢ ᠤᠬᠠᠭᠤᠯᠵᠤ᠂ ᠰᠠᠭᠤᠭᠠᠯᠢ ᠡᠷᠦᠬᠡ ᠳᠤ ᠭᠠᠮᠰᠢᠭ ᠠᠴᠠ ᠵᠠᠶᠢᠯᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠭᠡᠷ ᠪᠠᠶᠢᠰᠢᠩ ᠢ ᠰᠡᠷᠭᠡᠶᠢᠯᠡᠬᠦ ᠪᠡᠯᠡᠳᠬᠡᠯ ᠢ ᠵᠠᠪᠠᠯ ᠰᠠᠶᠢᠲᠤᠷ ᠬᠢᠬᠦ ᠬᠡᠷᠡᠭᠲᠡᠢ ᠭᠡᠵᠦ ᠰᠠᠨᠠᠭᠤᠯᠵᠠᠢ᠃ ᠡᠭᠦᠨ ᠤ ᠬᠠᠮᠲᠤ 24 ᠴᠠᠭ ᠢᠶᠠᠷ ᠵᠢᠵᠢᠭᠦᠷᠯᠡᠵᠦ᠂ ᠳ᠋ᠢᠶᠠᠩᠬᠤᠸᠠ ᠶᠢᠨ ᠰᠠᠭᠠᠳ ᠦᠭᠡᠢ ᠨᠡᠪᠲᠡᠷᠡᠬᠦ ᠶᠢ ᠴᠠᠭ ᠲᠤᠬᠠᠶ ᠳᠤᠨᠢ ᠪᠠᠲᠤᠯᠠᠬᠤ ᠬᠡᠷᠡᠭᠲᠡᠶ᠂ ᠬᠡᠷᠪᠡ ᠪᠠᠴᠢᠮ ᠪᠠᠶᠢᠳᠠᠯ ᠭᠠᠷᠪᠠᠯ ᠵᠠᠪᠠᠯ ᠴᠠᠭ ᠲᠤᠬᠠᠶ ᠳᠤᠨᠢ ᠭᠠᠴᠠᠭᠠᠨ ᠤ ᠶᠠᠮᠤᠨ ᠲᠠᠢ ᠬᠠᠷᠢᠯᠴᠠᠬᠤ ᠬᠡᠷᠡᠭᠲᠡᠶ ᠭᠡᠵᠦ ᠭᠠᠴᠠᠭᠠᠨ ᠤ ᠺᠠᠳ᠋ᠷᠴᠤᠳ ᠭᠠᠴᠠᠭᠠᠨ ᠤ ᠠᠷᠠᠳ ᠲᠤ ᠬᠡᠯᠡᠵᠦ ᠥᠭᠬᠦ ᠬᠡᠷᠡᠭᠲᠡᠶ᠃      ᠰᠢᠶᠠᠩ ᠶᠠᠩ ᠵᠡᠭᠡᠯᠢ ᠭᠤᠳᠤᠮᠵᠢ ᠶᠢᠨ ᠬᠢᠨ ᠬᠥᠮᠦᠨ ᠢᠶᠠᠷ ᠦᠨᠳᠦᠰᠦ ᠪᠣᠯᠭᠠᠬᠤ᠂ ᠰᠢᠨᠵᠢᠯᠡᠬᠦ ᠤᠬᠠᠭᠠᠨᠴᠢ ᠪᠠᠷ ᠦᠶᠡᠷ ᠢ ᠰᠡᠷᠭᠡᠶᠢᠯᠡᠬᠦ ᠵᠠᠷᠴᠢᠮ ᠢ ᠪᠠᠷᠢᠮᠲᠠᠯᠠᠵᠤ᠂ ᠡᠷᠲᠡ ᠠᠴᠠ ᠲᠤᠬᠢᠷᠠᠭᠤᠯᠵᠤ᠂ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠪᠠᠶᠢᠴᠠᠭᠠᠵᠤ᠂ ᠡᠷᠲᠡ ᠠᠴᠠ ᠬᠥᠳᠡᠯᠦᠯᠴᠡᠵᠦ᠂ ᠦᠶᠡᠷ ᠤᠨ ᠬᠤᠭᠤᠴᠠᠭᠠᠨ ᠤ ᠨᠤᠷᠠᠬᠤ ᠠᠶᠤᠯᠲᠠᠢ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠶᠡᠷ ᠤᠨ ᠬᠤᠭᠤᠴᠠᠭᠠᠨ ᠤ ᠲᠣᠰᠬᠤᠨ ᠤ ᠠᠷᠠᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠪᠠ᠃      ᠲᠣᠰ ᠤᠳᠠᠭᠠᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠᠷ ᠳᠡᠮᠵᠢᠨ᠂ ᠲᠣᠰᠬᠤᠨ ᠤ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠰᠬᠤᠨ ᠤ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠰᠢᠶᠠᠩ ᠶᠠᠩ ᠵᠡᠭᠡᠯᠢ ᠭᠤᠳᠤᠮᠵᠢ ᠶᠢᠨ ᠪᠥᠲᠥᠭᠡᠨ ᠪᠠᠶᠢᠭᠤᠯᠤᠯᠲᠠ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ