ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ︽ᠵᠢᠭᠤᠯᠴᠢᠯᠠᠯ ᠤᠨ  ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠵᠢᠭᠤᠯᠴᠢᠯᠠᠭᠴᠢᠳ ᠤᠨ ᠵᠦᠶ ᠵᠣᠬᠢᠰᠲᠠᠶ ᠬᠡᠷᠡᠭᠴᠡᠭᠡ ᠶᠢ ᠬᠠᠩᠭᠠᠬᠤ︾ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/8/16
      ᠣᠳᠣ ᠶᠠᠭ ᠰᠠᠶᠢᠬᠠᠨ ᠵᠢᠭᠤᠯᠴᠢᠯᠠᠯ ᠤᠨ ᠢᠳᠡ ᠤᠯᠠᠷᠢᠯ ᠪᠣᠯᠬᠤᠷ ᠵᠤᠭᠠᠴᠠᠭᠰᠠᠳ ᠢ  ᠰᠠᠨᠠᠭ᠎ᠠ ᠠᠮᠠᠷ ᠂  ᠳᠠᠪᠠᠲᠠᠢ᠂ ᠪᠠᠶᠠᠷᠲᠠᠢ ᠵᠤᠭᠠᠴᠠᠭᠤᠯᠬᠤ ᠶᠢᠨ ᠲᠥᠯᠥᠭᠡ᠂  8 ᠰᠠᠷ᠎ᠠ ᠶᠢᠨ 7      ᠤ ᠡᠳᠦᠷ᠂ ᠵᠠᠯᠠᠨ ᠠᠶᠢᠯ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ  ᠠᠴᠠ︽ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠵᠢᠭᠤᠯᠴᠢᠯᠠᠭᠴᠢᠳ ᠤᠨ ᠵᠦᠶ ᠵᠣᠬᠢᠰᠲᠠᠶ ᠬᠡᠷᠡᠭᠴᠡᠭᠡ ᠶᠢ ᠬᠠᠩᠭᠠᠬᠤ︾ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃      ᠵᠠᠯᠠᠨ ᠠᠶᠢᠯ ᠬᠤᠲᠠ  ᠳᠤ ᠡᠵᠡᠩᠨᠡᠯᠲᠡ ᠬᠢᠵᠦ ᠪᠠᠶᠢᠭ᠎ᠠ ᠵᠤᠭᠠᠴᠠᠯ ᠤᠨ ᠠᠵᠤ ᠠᠬᠤᠶᠢᠯᠠᠯ ᠳᠤ᠂ ᠡᠯ᠎ᠡ ᠵᠤᠭᠠᠴᠠᠯ ᠤᠨ ᠠᠵᠤ ᠠᠬᠤᠶᠢᠯᠠᠯ ᠵᠢᠷᠤᠮᠵᠢᠭᠰᠠᠨ ᠡᠵᠡᠩᠨᠡᠯᠲᠡ ᠶᠢᠨ ᠤᠷᠢᠲᠠᠯ ᠳᠣᠣᠷ᠎ᠠ᠂ ᠵᠢᠭᠤᠯᠴᠢᠯᠠᠭᠴᠢᠳ ᠤᠨ ᠬᠠᠮᠤᠭ ᠠᠴᠠ ᠠᠩᠬᠠᠷᠴᠤ ᠪᠠᠶᠢᠭ᠎ᠠ ᠵᠢᠭᠤᠯᠴᠢᠯᠠᠯ ᠤᠨ ᠶᠠᠰᠤ ᠴᠢᠨᠠᠷ ᠪᠠ ᠵᠢᠭᠤᠯᠴᠢᠯᠠᠯ ᠤᠨ ᠦᠢᠯᠡᠴᠢᠯᠡᠭᠡᠨ ᠤ ᠬᠡᠷᠡᠭᠴᠡᠭᠡ ᠶᠢ ᠠᠯᠢ ᠴᠢᠳᠠᠬᠤ ᠪᠠᠷ ᠬᠠᠩᠭᠠᠵᠤ᠂ ᠵᠤᠭᠠᠴᠠᠯ ᠤᠨ ᠦᠢᠯᠡᠴᠢᠯᠡᠭᠡᠨ ᠤ ᠶᠠᠰᠤ ᠴᠢᠨᠠᠷ ᠨᠢ ᠬᠡᠷᠡᠭᠯᠡᠭᠡᠨ ᠤ ᠳᠠᠪᠬᠤᠷᠭ᠎ᠠ ᠳᠤ ᠵᠣᠭᠰᠣᠩᠭᠢᠷᠠᠬᠤ ᠪᠠᠷ ᠪᠠᠷᠠᠬᠤ ᠦᠭᠡᠢ᠂ ᠵᠤᠭᠠᠴᠠᠭᠰᠠᠳ ᠤᠨ ᠪᠡᠶᠡᠴᠢᠯᠡᠨ ᠣᠶᠢᠯᠠᠭᠠᠬᠤ ᠳᠠᠪᠬᠤᠷᠭ᠎ᠠ ᠳᠤ ᠠᠭᠤᠰᠤᠯᠴᠠᠵᠤ᠂ ᠲᠥᠬᠦᠭᠡᠷᠦᠮᠵᠢ ᠲᠦᠬᠦᠮ᠂ ᠦᠢᠯᠡᠴᠢᠯᠡᠭᠡ ᠤᠯᠠᠨ ᠶᠠᠩᠵᠤ ᠶᠢᠨ᠂ ᠨᠠᠷᠢᠨ ᠵᠦᠢᠯᠡᠰ ᠢ ᠬᠠᠩᠭᠠᠬᠤ ᠵᠡᠷᠭᠡ ᠲᠠᠯ᠎ᠠ ᠶᠢ ᠬᠠᠮᠤᠷᠴᠤ᠂ ᠵᠤᠭᠠᠴᠠᠯ ᠤᠨ ᠦᠢᠯᠡᠴᠢᠯᠡᠭᠡᠨ ᠤ ᠶᠠᠰᠤ ᠴᠢᠨᠠᠷ ᠢ ᠲᠡᠭᠡᠭᠰᠢᠯᠡᠭᠦᠯᠵᠦ᠂ ᠵᠤᠭᠠᠴᠠᠭᠰᠠᠳ ᠤᠨ ᠵᠦᠢ ᠵᠣᠬᠢᠰᠲᠠᠢ ᠬᠡᠷᠡᠭᠴᠡᠭᠡ ᠶᠢ ᠬᠠᠩᠭᠠᠬᠤ ᠶᠢᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠪᠠᠯ  ᠰᠠᠶ᠋ᠢ ᠬᠥᠯᠥᠨ ᠪᠤᠶᠢᠷ ᠤᠨ ᠰᠣᠶᠣᠯ ᠵᠤᠭᠠᠴᠠᠯ ᠤᠨ ᠲᠦᠷᠦᠯ ᠲᠡᠮᠳᠡᠭ ᠢ ᠦᠨᠡᠨᠬᠦ  ᠪᠣᠢ ᠪᠣᠯᠭᠠᠵᠦ ᠴᠢᠳᠠᠨ᠎ᠠ᠃       ᠵᠠᠯᠠᠨ ᠠᠶᠢᠯ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ ᠶᠠᠪᠤᠴᠠ ᠳᠤ ᠢᠮᠠᠭᠲᠠ ᠵᠢᠭᠤᠯᠴᠢᠯᠠᠭᠴᠢᠳ ᠤᠨ ᠰᠡᠳᠬᠢᠯ ᠬᠠᠨᠤᠮᠵᠢᠲᠠᠶ ᠪᠠᠶᠢᠬᠤ ᠪᠠᠷ ᠭᠤᠣᠯ ᠪᠣᠯᠭᠠᠭᠰᠠᠨ ᠬᠥᠭᠵᠢᠯᠲᠡ ᠶᠢᠨ ᠣᠶᠢᠯᠠᠭᠠᠭᠳᠠᠬᠤᠨ  ᠢᠶᠠᠨ ᠪᠣᠯᠭᠠᠵᠤ᠂ ᠵᠢᠭᠤᠯᠴᠢᠯᠠᠭᠴᠢᠳ ᠤᠨ ᠰᠡᠳᠬᠢᠯ ᠬᠠᠨᠤᠮᠵᠢᠲᠠᠶ ᠪᠠᠶᠢᠬᠤ  ᠡᠰᠡᠬᠦ ᠪᠠᠷ ᠵᠢᠭᠤᠯᠴᠢᠯᠠᠯ ᠤᠨ  ᠦᠢᠯᠡᠴᠢᠯᠡᠭᠡᠨ ᠤ ᠶᠠᠰᠤ ᠴᠢᠨᠠᠷ ᠢ ᠬᠢᠨᠠᠨ ᠬᠠᠮᠢᠶᠠᠷᠬᠤ ᠪᠠ ᠳᠡᠭᠡᠭᠰᠢᠯᠡᠭᠦᠯᠬᠦ ᠠᠵᠢᠯ ᠤᠨ ᠡᠭᠦᠰᠭᠡᠯ ᠪᠠ ᠲᠡᠭᠦᠰᠬᠡᠯ ᠵᠶ᠋ᠡᠨ‌‍ᠪᠣᠯᠭᠠᠵᠤ᠂ ᠵᠢᠭᠤᠯᠴᠢᠯᠠᠭᠴᠢᠳ ᠤᠨ ᠵᠢᠭᠤᠯᠴᠢᠯᠠᠯ ᠤᠨ ᠥᠩᠭᠡᠷᠡᠭᠡᠯᠲᠡ ᠶᠢ ᠨᠥᠯᠥᠭᠡᠯᠡᠬᠦ ᠭᠤᠤᠯᠳᠠᠯᠭ᠎ᠠ ᠲᠠᠢ ᠠᠰᠠᠭᠤᠳᠠᠯ ᠪᠠ ᠭᠤᠤᠯ ᠵᠥᠷᠢᠴᠡᠯ ᠤᠨ ᠲᠣᠭᠤᠷᠢᠨ ᠳᠤ ᠠᠵᠢᠯ ᠢᠶᠠᠨ ᠥᠷᠨᠢᠭᠦᠯᠵᠦ᠂ ᠵᠢᠭᠤᠯᠴᠢᠯᠠᠭᠴᠢᠳ ᠢ ᠦᠨᠡᠨ ᠬᠦ ᠰᠠᠨᠠᠭ᠎ᠠ ᠠᠮᠤᠷ ᠂ᠰᠡᠳᠭᠢᠯ ᠲᠣᠭᠲᠠᠭᠤᠨ᠂  ᠲᠠᠭᠠᠯᠠᠮᠵᠢᠲᠠᠶ ᠪᠠᠶᠢᠯᠭᠠᠨ᠎ᠠ᠃   
ᠢᠷᠡᠯᠲᠡ᠄ ᠵᠠᠯᠡᠨ ᠠᠢᠯ ᠬᠤᠳᠠ  ᠶᠢᠨ ᠵᠠᠰᠠᠭ ᠤᠨ ᠤᠷᠳᠤᠨ