ᠵᠠᠯᠠᠨ ᠠᠶᠢᠯ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠳ᠋ᠠ ᠾᠧ ᠸᠠᠨ ᠪᠠᠯᠭᠠᠰᠤᠨ ᠤ ᠰᠤᠷᠭᠠᠭᠤᠯᠢ ᠲᠠᠢ ᠬᠠᠮᠲᠤᠷᠠᠨ ︽ᠬᠠᠶᠢᠷ᠎ᠠ ᠬᠠᠯᠠᠮᠵᠢ ᠶᠢ ᠳᠠᠮᠵᠢᠭᠤᠯᠵᠤ ᠂ ᠬᠡᠤᠬᠡᠳ ᠤᠨ ᠰᠡᠳᠬᠢᠯ ᠢ ᠳᠤᠯᠠᠭᠠᠴᠠᠭᠤᠯᠬᠤ︾ ᠬᠠᠯᠠᠮᠵᠢᠯᠠᠨ ᠬᠠᠶᠢᠷᠠᠯᠠᠬᠤ ᠦᠶ᠋ᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/16
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ  ᠲᠦᠷᠢᠮᠵᠢᠭᠦᠯᠦᠨ ᠪᠠᠶᠢᠩᠭᠤᠵᠢᠭᠤᠯᠬᠤ ᠶᠢ ᠠᠬᠢᠭᠤᠯᠤᠨ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠰᠤᠷᠤᠭᠴᠢᠳ ᠢ  ᠪᠠᠶᠠᠷ ᠬᠥᠷ ᠲᠠᠢ ᠰᠤᠷᠤᠯᠴᠠᠭᠤᠯᠬᠤ ᠶᠢᠨ ᠲᠥᠯᠥᠭᠡ᠂ 2023 ᠣᠨ ᠤ 7 ᠰᠠᠷ᠎ᠠ ᠶᠢᠨ 31      ᠤ ᠡᠳᠦᠷ ᠵᠠᠯᠠᠨ ᠠᠶᠢᠯ  ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠠᠵᠢᠯᠲᠠᠨ ᠳ᠋ᠠ ᠾᠧ ᠸᠠᠨ ᠪᠠᠯᠭᠠᠰᠤᠨ ᠤ ᠰᠤᠷᠭᠠᠭᠤᠯᠢ ᠳᠤ ᠬᠦᠷᠴᠦ ︽ᠬᠠᠶᠢᠷ᠎ᠠ ᠬᠠᠯᠠᠮᠵᠢ ᠶᠢ ᠳᠠᠮᠵᠢᠭᠤᠯᠵᠤ᠂ ᠬᠡᠤᠬᠡᠳ ᠤᠨ ᠰᠡᠳᠬᠢᠯ ᠢ ᠳᠤᠯᠠᠭᠠᠴᠠᠭᠤᠯᠬᠤ︾ ᠬᠠᠯᠠᠮᠵᠢᠯᠠᠨ ᠬᠠᠶᠢᠷᠠᠯᠠᠬᠤ  ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃      ᠡᠩ ᠲᠡᠷᠢᠭᠦᠨ ᠳᠤ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠠᠵᠢᠯᠲᠠᠨ ᠬᠦᠴᠢᠷᠳᠡᠯ ᠳᠤ ᠲᠤᠯᠭᠠᠷᠠᠭᠰᠠᠨ 10 ᠬᠡᠤᠬᠡᠳ ᠲᠤ ᠨᠣᠮ ᠪᠢᠴᠢᠭ᠂ ᠰᠤᠷᠤᠯᠭ᠎ᠠ ᠪᠠ ᠠᠮᠢᠳᠤᠷᠠᠯ ᠤᠨ ᠬᠡᠷᠡᠭᠰᠡᠯ ᠬᠦᠷᠭᠡᠨ ᠥᠭᠴᠦ᠂ ᠠᠵᠢᠯᠲᠠᠨ ᠤ ᠳᠠᠭᠠᠭᠤᠯᠭ᠎ᠠ ᠳᠣᠤᠷ᠎ᠠ ᠬᠡᠶ ᠪᠥᠮᠪᠦᠭᠡ ᠦᠯᠢᠶᠡᠬᠦ᠂ ᠬᠡᠶ ᠪᠥᠮᠪᠦᠭᠡ ᠤᠶᠠᠬᠤ᠂ ᠬᠤᠶᠠᠷ ᠬᠥᠮᠦᠨ ᠮᠦᠷᠦ ᠲᠦᠰᠢᠨ ᠪᠥᠮᠪᠦᠭᠡ ᠡᠭᠦᠷᠬᠦ ᠵᠢᠴᠢ ᠲᠦᠷᠭᠡᠨ ᠲᠤᠰᠬᠠᠯ ᠤᠨ ᠲᠣᠭᠯᠠᠭᠠᠮ ᠢᠶᠠᠷ ᠳᠠᠮᠵᠢᠭᠤᠯᠤᠨ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠪᠰᠤᠷᠤᠨ ᠪᠠᠶᠠᠷ ᠪᠠᠶᠠᠰᠤᠯ ᠤᠨ ᠳᠤᠮᠳᠠ ᠨᠡᠶᠢᠭᠡᠮ ᠳᠤ ᠨᠠᠩ ᠰᠠᠶᠢᠨ ᠠᠭᠤᠰᠤᠯᠴᠠᠭᠤᠯᠪᠠ᠃  ᠡᠭᠦᠨ ᠤ ᠬᠠᠮᠲᠤ ᠰᠤᠷᠤᠭᠴᠢᠳ ᠤᠨ ᠠᠮᠢᠳᠤᠷᠠᠯ ᠤᠨ ᠳᠤᠮᠳᠠᠬᠢ ᠬᠦᠴᠢᠷᠳᠡᠯ ᠳᠤ ᠵᠣᠷᠢᠭᠲᠠᠶ ᠪᠠᠷ ᠬᠠᠨᠳᠤᠵᠤ᠂ ᠰᠤᠷᠤᠯᠴᠠᠬᠤ ᠵᠠᠪᠰᠢᠶᠠᠨ ᠢᠶᠠᠨ ᠨᠠᠨᠳᠢᠩᠨᠠᠵᠤ᠂ ᠴᠢᠷᠮᠠᠶᠢᠨ  ᠰᠣᠷᠣᠯᠴᠠᠵᠤ᠂ ᠶᠡᠷᠦᠩᠬᠡᠶ ᠬᠡᠪ ᠴᠢᠨᠠᠷ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠬᠤ ᠬᠡᠷᠡᠭᠲᠡᠶ᠃      ᠳᠠᠷᠠᠭᠠᠯᠠᠪᠠᠯ᠂ ᠨᠠᠰᠤᠨ ᠳᠤ ᠥᠯᠥ ᠭᠦᠷᠦᠭᠰᠡᠳ ᠤᠨ ᠤᠰᠤᠨ ᠳᠤ ᠵᠢᠪᠬᠦ ᠶᠢ ᠰᠡᠷᠭᠡᠶᠢᠯᠡᠬᠦ ᠮᠡᠳᠡᠯᠭᠡ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠠᠵᠢᠯᠲᠠᠨ ᠨᠠᠰᠤᠨ ᠳᠤ ᠥᠯᠥ ᠭᠦᠷᠦᠭᠰᠡᠳ ᠵᠢᠴᠢ ᠬᠢᠨᠠᠨ ᠬᠠᠮᠠᠭᠠᠯᠠᠭᠴᠢ ᠶᠢ ᠵᠣᠬᠢᠶᠠᠨ ᠪᠠᠶᠢᠭᠤᠯᠤᠨ ᠬᠠᠷᠠᠭᠠᠨ ᠳᠠᠪᠲᠠᠮᠵᠢ ᠪᠠ ᠦᠨᠡᠨ ᠪᠣᠳᠠᠲᠠᠶ ᠬᠡᠷᠡᠭ ᠤᠨ ᠵᠢᠱᠢᠶ᠎ᠡ ᠶᠢᠨ ᠲᠤᠭ᠎ᠠ ᠪᠠᠷᠢᠮᠲᠠ ᠶᠢᠨ ᠵᠠᠳᠠᠯᠤᠯᠲᠠ ᠶᠢ ᠦᠵᠡᠭᠦᠯᠵᠦ᠂ ᠤᠰᠤᠨ ᠳᠤ ᠵᠢᠪᠬᠦ ᠶᠢ ᠬᠡᠷᠬᠢᠨ ᠰᠡᠷᠭᠡᠶᠢᠯᠡᠬᠦ᠂ ᠤᠰᠤᠨ ᠳᠤ ᠤᠮᠪᠠᠭ᠋ᠤ ᠶᠢ ᠬᠡᠷᠬᠢᠨ ᠰᠡᠷᠭᠡᠶᠢᠯᠡᠬᠦ᠂ ᠤᠰᠤᠨ ᠳᠤ ᠵᠢᠪᠬᠦ ᠶᠢ ᠲᠦᠷᠭᠡᠨ ᠠᠪᠤᠷᠬᠠᠤ᠂ ᠬᠡᠷᠬᠢᠨ ᠥᠪᠡᠷ ᠢ ᠪᠠᠨ ᠠᠪᠤᠷᠬᠠᠤ ᠵᠡᠷᠭᠡ ᠬᠤᠯᠪᠣᠭᠳᠠᠯ ᠪᠥᠬᠦᠶ ᠠᠮᠤᠷ ᠲᠦᠪᠰᠢᠨ ᠤ ᠮᠡᠳᠡᠯᠭᠡ ᠶᠢᠨ ᠲᠤᠬᠠᠶ ᠨᠠᠷᠢᠨ ᠲᠠᠶᠢᠯᠪᠤᠷᠢᠯᠠᠯᠲᠠ ᠬᠢᠵᠦ᠂ ᠨᠠᠰᠤᠨ ᠳᠤ ᠥᠯᠥ ᠭᠦᠷᠦᠭᠰᠡᠳ ᠤᠨ ᠥᠪᠡᠷ ᠢ ᠪᠠᠨ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠪᠡ᠃ ᠡᠴᠦᠰ ᠲᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠶᠢᠨ ᠲᠥᠯᠥᠭᠡ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠠᠵᠢᠯᠲᠠᠨ ᠬᠠᠤᠯᠢ ᠪᠠᠷ ᠵᠠᠰᠠᠬᠤ ᠪᠠ ︽ᠬᠡᠤᠬᠡᠳ ᠢ ᠬᠠᠶᠢᠷᠠᠯᠠᠬᠤ︾ ᠠᠵᠢᠯᠯᠠᠭ᠎ᠠ ᠪᠠᠷ ᠨᠠᠰᠤᠨ ᠳᠤ ᠥᠯᠥ ᠭᠦᠷᠦᠭᠰᠡᠳ ᠤᠨ ᠶᠠᠯ᠎ᠠ  ᠬᠢᠬᠦ ᠠᠴᠠ ᠰᠡᠷᠭᠡᠶᠢᠯᠡᠬᠦ ᠬᠠᠥᠯᠢ ᠴᠠᠭᠠᠵᠠ ᠶᠢᠨ ᠣᠬᠠᠭᠤᠯᠬᠭ᠎ᠠ ᠶᠢᠨ  ᠬᠦᠳᠦᠯᠭᠡᠨ ᠦᠷᠨᠢᠭᠦᠯᠪᠡ᠃ᠠᠵᠢᠯᠯᠠᠭ᠎ᠠ ᠨᠢ ᠣᠯᠠᠨ ᠴᠢᠳᠠᠪᠤᠷᠢᠲᠤ ᠬᠤᠷᠠᠯ ᠤᠨ ᠭᠡᠷ ᠲᠤ PPT ᠶᠢ ᠲᠥᠪᠯᠡᠷᠡᠭᠦᠯᠦᠨ ᠲᠠᠶᠢᠯᠪᠤᠷᠢᠯᠠᠬᠤ ᠬᠡᠯᠪᠡᠷᠢ ᠪᠠᠷ ᠶᠠᠪᠤᠭᠳᠠᠵᠤ᠂ ᠭᠤᠣᠯᠳᠠᠭᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠬᠠᠤᠯᠢ︾ ᠶᠢᠨ ᠲᠣᠭᠤᠷᠢᠨ ᠳᠤ᠂ ᠡᠴᠢᠭᠡ ᠡᠬᠡ ᠶᠢᠨ ᠨᠠᠰᠤᠨ ᠳᠤ ᠦᠯᠦ ᠬᠦᠷᠦᠭᠰᠡᠳ ᠤᠨ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠬᠠᠷᠢᠭᠤᠴᠠᠯᠭ᠎ᠠ᠂ ᠨᠠᠰᠤᠨ ᠳᠤ ᠦᠯᠦ ᠬᠦᠷᠦᠭᠰᠡᠳ ᠤᠨ ᠮᠠᠭᠤ ᠦᠢᠯᠡ ᠠᠵᠢᠯᠯᠠᠭ᠎ᠠ ᠶᠢᠨ ᠭᠤᠣᠯ ᠲᠦᠷᠦᠯ ᠬᠡᠯᠪᠡᠷᠢ ᠪᠠ ᠬᠤᠣᠷ ᠬᠥᠨᠥᠭᠡᠯ ᠢ ᠲᠠᠨᠢᠬᠤ᠂ ᠡᠴᠢᠭᠡ ᠡᠬᠡ ᠪᠣᠯᠤᠭᠰᠠᠳ ᠨᠠᠰᠤᠨ ᠳᠤ ᠦᠯᠦ ᠬᠦᠷᠦᠭᠰᠡᠳ ᠤᠨ ᠮᠠᠭᠤ ᠦᠢᠯᠡ ᠠᠵᠢᠯᠯᠠᠭ᠎ᠠ ᠶᠢ ᠬᠡᠷᠬᠢᠨ ᠤᠷᠢᠳᠴᠢᠯᠠᠨ ᠰᠡᠷᠭᠡᠶᠢᠯᠡᠬᠦ ᠵᠡᠷᠭᠡ ᠭᠤᠷᠪᠠᠨ ᠲᠠᠯ᠎ᠠ ᠠᠴᠠ ᠨᠠᠰᠤᠨ ᠳᠤ ᠦᠯᠦ ᠬᠦᠷᠦᠭᠰᠡᠳ ᠵᠢᠴᠢ ᠬᠢᠨᠠᠨ ᠬᠠᠮᠠᠭᠠᠯᠠᠭᠴᠢ ᠲᠠᠢ ᠬᠤᠪᠢᠶᠠᠯᠴᠠᠨ  ᠡᠳ᠋ᠯᠡᠪᠡ᠃      ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠡᠷ ᠲᠡᠭᠡᠨ ᠬᠤᠴᠣᠷᠤᠭᠰᠠᠨ ᠬᠡᠤᠬᠡᠳ ᠲᠤ ᠦᠨᠡᠨ ᠬᠦ ᠪᠣᠳᠠᠲᠠᠶ ᠶᠠᠪᠤᠳᠠᠯ᠂ ᠰᠠᠶᠢᠨ ᠶᠠᠪᠤᠳᠠᠯ ᠬᠢᠵᠦ᠂ ᠬᠡᠤᠬᠡᠳ ᠤᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠭᠦᠨᠵᠡᠭᠡᠶ ᠮᠡᠳᠡᠷᠡᠭᠦᠯᠵᠦ᠂ ᠬᠡᠤᠬᠡᠳ  ᠤᠨ ᠠᠮᠢᠳᠤᠷᠠᠯ ᠤᠨ ᠠᠩᠬᠠᠨ ᠤ ᠵᠠᠩᠭᠢᠯᠠᠭ᠎ᠠ ᠶᠢ ᠰᠠᠶᠢᠲᠤᠷ ᠤᠶᠠᠵᠤ᠂ ᠲᠡᠳᠡᠨ ᠳᠤ ᠨᠠᠩ ᠣᠯᠠᠨ ᠬᠥᠮᠦᠯᠢᠭ ᠬᠠᠯᠠᠮᠵᠢᠯᠠᠯ ᠬᠦᠷᠲᠡᠭᠡᠵᠦ᠂ ᠨᠠᠩ ᠪᠥᠬᠦ ᠲᠠᠯ᠎ᠠ ᠶᠢᠨ ᠬᠥᠭᠵᠢᠯᠲᠡ ᠪᠠ ᠳᠠᠪᠰᠢᠯᠲᠠ ᠲᠠᠢ ᠪᠣᠯᠭᠠᠨ᠎ᠠ᠃   
ᠢᠷᠡᠯᠲᠡ᠄ ᠵᠠᠯᠡᠨ ᠠᠢᠯ ᠬᠤᠳᠠ ᠶᠢᠨ ᠵᠠᠰᠠᠭ ᠤᠨ ᠤᠷᠳᠥᠨ