ᠬᠥᠯᠥᠨ ᠪᠤᠶᠢᠷ ᠤᠨ ᠬᠤᠲᠠ ᠶᠢᠨ ᠠᠷᠠᠳ ᠤᠨ ᠵᠥᠪᠯᠡᠯ ᠵᠠᠯᠠᠨ ᠠᠶᠢᠯ ᠬᠤᠲᠠ ᠳᠤ ᠭᠦᠨᠵᠡᠭᠡᠶᠢᠷᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/8/17
      8 ᠰᠠᠷ᠎ᠠ ᠶᠢᠨ 14      ᠤ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠠᠷᠠᠳ ᠤᠨ ᠵᠥᠪᠯᠡᠯ ᠤᠨ ᠡᠷᠬᠢᠯᠡᠭᠴᠢ ᠲᠡᠮᠦᠷ ᠬᠦᠦ  ᠨᠢᠭᠡ  ᠪᠦᠯᠦᠭ ᠬᠦᠮᠦᠰ ᠵᠠᠯᠠᠨ ᠠᠶᠢᠯ ᠬᠤᠲᠠ ᠳᠤ ᠭᠦᠨᠵᠡᠭᠡᠶᠢᠷᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠳ᠋ᠦᠩ ᠹᠠᠩ᠂ ᠬᠤᠲᠠ ᠶᠢᠨ  ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠰᠢᠶᠤᠤ ᠬᠤᠶ ᠵᠢᠴᠢ ᠬᠤᠲᠠ ᠶᠢᠨ ᠠᠷᠠᠳ ᠤᠨ ᠵᠥᠪᠯᠡᠯ ᠤᠨ ᠬᠠᠷᠢᠭᠤᠴᠠᠯᠭᠠᠲᠠᠨ ᠪᠠᠷ᠎ᠠ ᠪᠣᠯᠵᠣ   ᠪᠠᠶᠢᠴᠠᠭᠠᠨ   ᠰᠤᠳᠤᠯᠤᠯᠲᠠ ᠬᠢᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ  ᠤᠷᠢᠳ ᠬᠤᠵᠢᠳ  ᠨᠠᠠ ᠮᠦ ᠶᠢᠨ ᠣᠷᠴᠣᠨ ᠤ ᠦᠨᠳᠦᠰᠦᠲᠡᠨ ᠤ ᠰᠢᠶᠠᠩ ᠤᠨ ᠳ᠋ᠠ ᠰᠢᠩ ᠲᠣᠰᠬᠤᠨ ᠤ ᠪᠤᠭᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂  ᠤᠯᠠᠭᠠᠨᠬᠦᠦ ᠶᠢᠨ ᠳᠤᠷᠠᠰᠬᠠᠯ ᠤᠨ ᠣᠷᠳᠣᠨ ᠵᠡᠷᠭᠡ ᠭᠠᠵᠠᠷ ᠲᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠴᠥᠭᠡᠨ ᠲᠣᠭᠠᠲᠤ  ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢᠨ ᠲᠦᠷᠦᠯ ᠵᠦᠢᠯ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ  ᠨᠠᠷᠢᠨ‌ᠣᠶᠢᠯᠠᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠴᠢᠬᠤᠯᠠᠴᠢᠯᠠᠭᠰᠠᠨ ᠨᠢ᠂ ᠬᠤᠶᠢᠰᠢᠳᠠ ᠶᠢᠨ ᠠᠵᠢᠯ ᠤᠨ ᠳᠤᠮᠳᠠ᠂ ᠵᠠᠯᠠᠨ ᠠᠶᠢᠯ ᠬᠤᠲᠠ ᠥᠩᠭᠡᠷᠡᠭᠰᠡᠨ ᠲᠠᠢ ᠪᠠᠨ ᠠᠳᠠᠯᠢ ᠪᠠᠷ ᠨᠠᠮ ᠤᠨ ᠦᠨᠳᠦᠰᠦᠲᠡᠨ ᠤ ᠠᠵᠢᠯ ᠢ  ᠰᠠᠶᠢᠳᠦᠷ ᠠᠳᠬᠤᠵᠤ᠂ ᠦᠨᠳᠦᠰᠦᠲᠡᠨ ᠤ ᠠᠵᠢᠯ ᠢ ᠡᠯ᠎ᠡ ᠵᠦᠢᠯ ᠤᠨ  ᠦᠢᠯᠡᠰ ᠤᠨ ᠬᠥᠭᠵᠢᠯᠲᠡ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ  ᠤᠬᠠᠮᠰᠡᠷ ᠢ ᠪᠠᠲᠤ  ᠪᠤᠢ  ᠪᠣᠯᠭᠠᠬᠤ  ᠡᠨᠡᠬᠦ  ᠭᠤᠣᠯ  ᠰᠢᠵᠢᠮ ᠤᠨ  ᠲᠣᠭᠤᠷᠢᠨ  ᠳᠤ᠂ ︽ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ︾ ᠶᠢ ᠴᠢᠷᠮᠠᠶᠢᠨ ᠡᠭᠦᠳᠬᠦ ᠪᠠᠷ ᠭᠠᠷᠳᠠᠴᠠ ᠪᠣᠯᠭᠠᠵᠤ᠂ ᠬᠠᠷᠢᠭᠤᠴᠠᠯᠭ᠎ᠠ ᠶᠢ  ᠪᠤᠲᠠᠲᠠᠶᠢᠵᠢᠭᠤᠯᠵᠦ᠂ ᠠᠷᠭ᠎ᠠ  ᠬᠡᠮᠵᠢᠶ᠎ᠡ ᠶᠢ ᠨᠠᠷᠢᠯᠢᠬᠵᠢᠭᠤᠯᠤᠨ᠂ ᠤᠨᠢᠨ ᠳᠡᠭᠡᠷ᠎ᠡ ᠨᠢ ᠬᠦᠴᠦᠯᠡᠵᠦ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠦᠢᠯᠡᠳᠦᠯᠭᠡ ᠳᠤᠮᠳᠠ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ  ᠵᠢᠭᠠᠵᠦ ᠭᠠᠷᠭᠠᠪᠠ᠃ 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ