8 ᠰᠠᠷ᠎ᠠ ᠶᠢᠨ 9 ᠤ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ | ᠳᠠᠷᠤᠭ᠎ᠠ᠂ ᠬᠤᠲᠠ ᠶᠢᠨ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠡᠤ ᠴᠧᠨ ᠳ᠋ᠦᠩ᠂ ᠬᠤᠲᠠ ᠶᠢᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠭᠤᠤ ᠬᠤᠸᠠ ᠪᠢᠩ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ | ᠸᠠᠩ ᠪᠠᠶ ᠺᠦᠶ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠲᠤᠬᠠᠶ ᠶᠢᠨ ᠲᠠᠯᠠᠪᠤᠷ ᠲᠤ ᠬᠦᠷᠴᠦ᠂ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ | ᠪᠠᠶᠢᠴᠠᠭᠠᠵᠤ᠂ ᠴᠡᠷᠢᠭ ᠡᠯᠰᠡᠬᠦ ᠠᠵᠢᠯᠲᠠᠨ ᠵᠢᠴᠢ ᠪᠡᠶ᠎ᠡ ᠶᠢᠨ ᠪᠠᠶᠢᠴᠠᠭᠠᠯᠲᠠ ᠶᠢᠨ ᠡᠮᠨᠡᠯᠭᠡ ᠶᠢᠨ ᠠᠵᠢᠯᠲᠠᠳ ᠢ ᠳᠣᠲᠣᠨᠣ ᠪᠠᠷ ᠪᠣᠯᠭᠤᠭᠠᠨ ᠦᠵᠡᠪᠡ᠃ | ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠲᠤᠬᠠᠢ ᠶᠢᠨ ᠲᠠᠯᠠᠪᠠᠢ ᠳᠤ᠂ ᠨᠢᠭᠡ ᠪᠦᠯᠦᠭ ᠬᠥᠮᠦᠰ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠡᠯ᠎ᠡ | ᠭᠤᠭᠴᠤᠭ᠎ᠠ ᠶᠢᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠠᠬᠢᠴᠠ ᠶᠢᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠡᠮᠨᠡᠯᠭᠡ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ | ᠲᠡᠳᠡᠨ ᠤ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠳᠤ ᠵᠠᠷᠤᠴᠠᠭᠤᠯᠤᠭᠰᠠᠨ ᠰᠢᠷᠭᠠᠭᠤ ᠬᠥᠳᠡᠯᠮᠦᠷᠢ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠡᠦ ᠴᠧᠨ | ᠳ᠋ᠦᠩ ᠴᠡᠷᠢᠭ ᠲᠤ ᠡᠯᠰᠡᠭᠳᠡᠬᠦ ᠪᠡᠶ᠎ᠡ ᠶᠢᠨ ᠪᠠᠶᠢᠴᠠᠭᠠᠯᠲᠠ ᠳᠤ ᠣᠷᠣᠯᠴᠠᠭᠰᠠᠨ ᠵᠠᠯᠠᠭᠤᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ | ᠢᠳᠡᠪᠬᠢᠲᠡᠶ ᠣᠷᠣᠯᠴᠠᠬᠤ ᠵᠣᠷᠢᠭ ᠰᠠᠨᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠲᠡᠳᠡᠨ ᠢ ᠴᠡᠷᠢᠭ ᠲᠤ ᠡᠯᠰᠡᠭᠳᠡᠭᠰᠡᠨ ᠤ ᠲᠠᠷᠠᠭ᠎ᠠ᠂ ᠵᠠᠪᠠᠯ ᠰᠢᠮᠳᠠᠨ | ᠰᠤᠷᠤᠯᠴᠠᠵᠤ ᠬᠠᠲᠠᠭᠤᠵᠢᠯᠲᠠᠶ ᠪᠣᠯᠪᠠᠰᠤᠷᠠᠨ᠂ ᠰᠢᠯᠢᠳᠡᠭ ᠴᠡᠷᠢᠭ ᠤᠨ ᠬᠥᠮᠦᠨ ᠪᠣᠯᠬᠤ ᠪᠠᠷ ᠴᠢᠷᠮᠠᠶᠢᠵᠤ᠂ ᠡᠭᠡ ᠣᠷᠣᠨ ᠢᠶᠠᠨ ᠬᠠᠮᠠᠭᠠᠯᠠᠬᠤ᠂ ᠡᠭᠡ ᠣᠷᠣᠨ ᠢᠶᠠᠨ | ᠪᠦᠲᠦᠭᠡᠨ ᠪᠠᠶᠢᠭᠤᠯᠬᠤ ᠶᠢᠨ ᠲᠥᠯᠥᠭᠡ ᠬᠦᠴᠦᠨ ᠴᠢᠳᠠᠯ ᠪᠠ ᠤᠶᠤᠨ ᠤᠬᠠᠭᠠᠨ ᠢᠶᠠᠨ ᠡᠷᠭᠦᠬᠦ ᠬᠡᠷᠡᠭᠲᠡᠶ ᠭᠡᠵᠦ ᠵᠤᠷᠢᠭᠵᠢᠭᠤᠯᠪᠠ᠃ | ᠣᠶᠢᠯᠠᠭᠠᠭᠰᠠᠨ ᠢᠶᠠᠷ᠂ ᠡᠨᠡ ᠵᠢᠯ ᠤᠨ ᠵᠠᠯᠠᠨ ᠠᠶᠢᠯ ᠬᠤᠲᠠ ᠶᠢᠨ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠴᠠᠭ ᠨᠢ 8 ᠰᠠᠷ᠎ᠠ ᠶᠢᠨ 8 ᠤ | ᠡᠳᠦᠷ ᠠᠴᠠ 10 ᠤ ᠡᠳᠦᠷ ᠪᠣᠯᠲᠠᠯ᠎ᠠ᠂ ᠪᠥᠬᠦ ᠬᠤᠲᠠ ᠶᠢᠨ 290 ᠭᠠᠷᠤᠶ ᠰᠤᠷᠬᠤ ᠨᠠᠰᠤᠨ ᠤ ᠵᠠᠯᠠᠭᠤᠴᠤᠳ ᠴᠡᠷᠢᠭ ᠲᠤ ᠣᠷᠣᠬᠤ ᠪᠠᠷ ᠨᠡᠷ᠎ᠡ ᠮᠡᠳᠡᠭᠦᠯᠵᠦ᠂ | 184 ᠰᠤᠷᠬᠤ ᠨᠠᠰᠤᠨ ᠤ ᠵᠠᠯᠠᠭᠤᠴᠤᠳ ᠥᠷᠲᠡᠭᠡᠨ ᠳᠤ ᠣᠷᠣᠵᠤ ᠪᠡᠶ᠎ᠡ ᠶᠢᠨ ᠪᠠᠶᠢᠴᠠᠭᠠᠯᠲᠠ ᠬᠢᠪᠠ᠂ ᠡᠭᠦᠨ ᠳᠤ ᠶᠡᠭᠡ ᠰᠤᠷᠭᠠᠭᠤᠯᠢ ᠲᠡᠭᠦᠰᠦᠭᠰᠡᠨ ᠰᠣᠷᠣᠭᠴᠢ | 58 ᠪᠣᠶ᠃ |