2023 ᠣᠨ ᠤ ᠰᠢᠨ᠎ᠡ ᠬᠡᠯᠪᠡᠷᠢ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠦᠢᠯ ᠢᠶᠠᠷ ᠲᠡᠳᠬᠦᠬᠦ ᠭᠠᠴᠠᠭ᠎ᠠ ᠲᠣᠰᠬᠤᠨ ᠤ ᠨᠡᠷᠡᠰ ᠢ ᠵᠠᠷᠯᠠᠨ ᠨᠡᠶᠢᠲᠡᠯᠡᠬᠦ ᠲᠤᠬᠠᠶ
ᠨᠡᠶᠢᠲᠡᠯᠡᠭᠰᠡᠨ ᠴᠠᠭ᠄
2023/8/18
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠵᠤ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠶ ᠶᠢ ᠲᠡᠳᠬᠦᠨ ᠬᠥᠭᠵᠢᠭᠦᠯᠬᠦ ᠲᠤᠬᠠᠶ ᠬᠡᠷᠡᠭᠵᠢᠭᠦᠯᠬᠦ ᠲᠥᠰᠦᠯ︾ ︵ᠥᠪᠥᠷ ᠳᠤᠭᠤᠶᠢᠯᠠᠩ ᠨᠡᠪᠲᠡᠷᠬᠡᠶ ᠥᠰᠥᠭ ︹ 2023 ︺ 26 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠨᠢ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠠᠢ ᠬᠠᠮᠲᠤᠷᠠᠨ ᠭᠤᠶᠤᠴᠢᠯᠠᠨ ᠮᠡᠳᠡᠭᠦᠯᠦᠭᠰᠡᠨ ᠵᠤᠶᠢᠯᠡᠰ‌ᠢ ᠬᠠᠮᠲᠤᠷᠠᠨ ᠬᠢᠨᠠᠨ ᠰᠢᠯᠭᠠᠷᠠᠭᠤᠯᠵᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠬᠢᠨᠠᠨ ᠵᠥᠪᠰᠢᠶᠡᠷᠡᠭᠦᠯᠦᠭᠡᠳ᠂ 2023 ᠣᠨ ᠳᠤ ᠮᠠᠨ ᠤ ᠬᠤᠲᠠ ᠶᠢᠨ 7 ᠲᠣᠰᠬᠤᠨ ᠤ ᠬᠥᠭᠵᠢᠯᠲᠡ ᠶᠢᠨ ᠬᠠᠮᠲᠤ ᠶᠢᠨ ᠠᠵᠤ ᠠᠬᠤᠶ ᠶᠢ ᠭᠤᠤᠯᠳᠠᠯᠭ᠎ᠠ ᠲᠠᠢ ᠲᠡᠳᠬᠦᠨ ᠳᠡᠮᠵᠢᠨ᠎ᠡ᠃ ᠡᠳᠦᠭᠡ ᠨᠡᠷᠡᠰ ᠢ ᠳᠣᠣᠷᠠᠬᠢ ᠮᠡᠲᠦ ᠨᠡᠶᠢᠲᠡᠯᠡᠶ᠎ᠡ᠄      1. ᠵᠠᠯᠠᠨ ᠠᠶᠢᠯ ᠬᠤᠲᠠ ᠶᠢᠨ ᠵᠥᠩ ᠾᠧ ᠪᠠᠯᠭᠠᠰᠤᠨ ᠤ ᠯᠢ ᠮᠢᠩ ᠲᠣᠰᠬᠤᠨ      2. ᠵᠠᠯᠠᠨ ᠠᠶᠢᠯ ᠬᠤᠲᠠ ᠶᠢᠨ  ᠲᠡᠮᠤᠷ  ᠵᠠᠮ  ᠤᠨ ᠵᠡᠭᠦᠨᠲᠡᠬᠢ ᠵᠡᠭᠡᠯᠢ ᠭᠤᠳᠤᠮᠵᠢ ᠶᠢᠨ ᠲᠢᠶᠧ ᠳ᠋ᠦᠩ ᠲᠣᠰᠬᠤᠨ      3. ᠵᠠᠯᠠᠨ ᠠᠶᠢᠯ ᠬᠤᠲᠠ ᠶᠢᠨ ᠮᠥᠬᠦᠴᠢ ᠪᠠᠯᠭᠠᠰᠤᠨ ᠤ ᠸᠧᠶ ᠯᠢᠶᠠᠨ ᠾᠧ ᠲᠣᠰᠬᠤᠨ      4. ᠵᠠᠯᠠᠨ ᠠᠶᠢᠯ ᠬᠤᠲᠠ ᠶᠢᠨ ᠸᠧ‌ᠨᠢᠤ ᠾᠧ ᠪᠠᠯᠭᠠᠰᠤᠨ ᠤ ᠶᠠᠩ ᠴᠢ ᠱᠠᠨ ᠲᠣᠰᠬᠤᠨ      5. ᠵᠠᠯᠠᠨ ᠠᠶᠢᠯ ᠬᠤᠲᠠ ᠶᠢᠨ ᠮᠥᠬᠦᠴᠢ ᠪᠠᠯᠭᠠᠰᠤᠨ ᠤ ᠳ᠋ᠦᠩ  ᠹᠸᠡᠭ ᠲᠣᠰᠬᠤᠨ      6. ᠵᠠᠯᠠᠨ ᠠᠶᠢᠯ ᠬᠤᠲᠠ ᠶᠢᠨ  ᠰᠠ ᠮᠠ  ᠵᠢᠶᠧ ᠡᠸᠡᠩᠬᠢ ᠦᠨᠳᠦᠰᠦᠲᠡᠨ ᠤ ᠰᠢᠶᠠᠩ ᠤᠨ ᠲᠤᠸᠠᠨ‌ᠵᠢᠶᠧ ᠲᠣᠰᠬᠤᠨ      7. ᠵᠠᠯᠠᠨ ᠠᠶᠢᠯ ᠬᠤᠲᠠ ᠶᠢᠨ ᠴᠢᠩᠭᠢᠰ ᠬᠠᠨ ᠪᠠᠯᠭᠠᠰᠤᠨ ᠤ ᠰᠢᠨ ᠮᠢᠨ ᠲᠣᠰᠬᠤᠨ      ᠳᠡᠭᠡᠷᠡᠬᠢ ᠢᠯᠡ ᠨᠡᠶᠢᠲᠡᠯᠡᠬᠦ ᠠᠭᠤᠯᠭ᠎ᠠ ᠳᠤ ᠣᠨᠳᠣᠤ ᠰᠠᠨᠠᠯ ᠲᠠᠢ ᠪᠣᠯ ᠢᠯᠡ ᠨᠡᠶᠢᠲᠡᠯᠡᠬᠦ ᠬᠤᠭᠤᠴᠠᠭᠠᠨ ᠳᠤ ᠵᠠᠯᠠᠨ ᠠᠶᠢᠯ ᠬᠤᠲᠠ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠪᠠᠶᠢᠰᠢᠩ ᠤᠨ ᠵᠠᠬ᠎ᠠ ᠳᠡᠯᠭᠡᠭᠦᠷ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ 5007 ᠲᠠᠰᠤᠭ ᠲᠤ ᠬᠦᠷᠴᠦ ᠪᠠᠶᠢᠳᠠᠯ ᠢᠶᠠᠨ ᠲᠤᠰᠬᠠᠵᠤ᠂ ᠢᠯᠡ ᠨᠡᠶᠢᠲᠡᠯᠡᠬᠦ ᠤᠲᠠᠰᠤ 0470 — 3204854᠃      ᠵᠠᠷᠯᠠᠨ ᠨᠡᠶᠢᠲᠡᠯᠡᠬᠦ ᠴᠠᠭ᠄ 8 ᠰᠠᠷ᠎ᠠ ᠶᠢᠨ 17      ᠤ ᠡᠳᠦᠷ — 8 ᠰᠠᠷ᠎ᠠ ᠶᠢᠨ 23      ᠤ ᠡᠳᠦᠷ ︵ᠲᠠᠪᠤᠨ ᠠᠵᠢᠯᠯᠠᠬᠤ ᠡᠳᠦᠷ︶ 
ᠢᠷᠡᠯᠲᠡ᠄ ᠵᠠᠯᠡᠨ ᠠᠶᠢᠯ ᠬᠤᠲᠠ ᠶᠢᠨ ᠵᠠᠰᠠᠭ ᠤᠨ ᠤᠷᠳᠤᠨ