2023 ᠣᠨ ᠳᠤ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠳᠤ ᠤᠷᠢᠵᠤ ᠬᠡᠷᠡᠭᠯᠡᠬᠦ ᠬᠥᠮᠦᠰ ᠢ ᠵᠠᠷᠯᠠᠨ ᠨᠡᠶᠢᠲᠡᠯᠡᠬᠦ ᠪᠠᠷ ᠪᠣᠶ
ᠨᠡᠶᠢᠲᠡᠯᠡᠭᠰᠡᠨ ᠴᠠᠭ᠄
2023/8/18
      ︽2023 ᠣᠨ ᠤ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠬᠦᠷᠢᠶᠡᠨ ᠤ ᠪᠠᠭᠰᠢ ᠡᠯᠰᠡᠬᠦ ᠠᠯᠪᠠᠨ ᠵᠠᠷ︾ ᠢ ᠦᠨᠳᠦᠰᠦᠯᠡᠪᠡᠯ᠂ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠬᠦᠷᠢᠶᠡᠨ ᠤ ᠪᠠᠭᠰᠢ ᠡᠯᠰᠡᠬᠦ ᠳᠤ ᠨᠡᠷ᠎ᠡ ᠮᠡᠳᠡᠭᠦᠯᠬᠦ᠂ ᠬᠢᠷᠢ ᠬᠡᠮ ᠤᠨ ᠠᠩᠬᠠᠨ ᠤ ᠬᠢᠨᠠᠯᠲᠠ᠂ ᠬᠢᠷᠢ ᠬᠡᠮ ᠤᠨ ᠳᠠᠬᠢᠨ ᠬᠢᠨᠠᠯᠲᠠ᠂ ᠲᠤᠰᠬᠠᠶ ᠮᠡᠷᠭᠡᠵᠢᠯ ᠤᠨ ᠰᠢᠯᠭᠠᠯᠲᠠ᠂ ᠪᠡᠶ᠎ᠡ ᠶᠢᠨ ᠪᠠᠶᠢᠴᠠᠭᠠᠯᠲᠠ ᠪᠠ ᠪᠠᠶᠢᠴᠠᠭᠠᠯᠲᠠ ᠶᠢᠨ ᠲᠠᠰ ᠳᠠᠷᠠᠭᠠᠯᠠᠯ ᠢᠶᠠᠷ ᠳᠡᠮᠵᠢᠨ᠂ ᠤᠷᠢᠨ ᠬᠡᠷᠡᠭᠯᠡᠬᠦ ᠪᠠᠷ ᠪᠠᠶᠢᠭ᠎ᠠ ᠬᠥᠮᠦᠰ ︵ᠳᠠᠭᠠᠯᠳᠤᠭᠤᠯᠤᠯ ᠳᠤ ᠦᠵᠡ︶ ᠢ ᠵᠠᠷᠯᠠᠨ ᠨᠡᠶᠢᠲᠡᠯᠡᠨ᠎ᠡ᠃      ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ︵2023 ᠣᠨ ᠤ 8 ᠰᠠᠷ᠎ᠠ ᠶᠢᠨ 14      ᠤ ᠡᠳᠦᠷ ᠠᠴᠠ 18      ᠤ ᠡᠳᠦᠷ ᠪᠣᠯᠲᠠᠯ᠎ᠠ ︶ ᠪᠠᠶᠢᠵᠤ᠂ ᠠᠰᠠᠭᠤᠳᠠᠯ ᠢ ᠲᠤᠰᠬᠠᠭᠰᠠᠨ ᠬᠥᠮᠦᠨ ᠦᠨᠡᠨ ᠣᠪᠣᠭ ᠨᠡᠷ᠎ᠡ ᠪᠠᠷ ᠢᠶᠠᠨ ᠦᠨᠡᠨ ᠢ ᠪᠠᠷᠢᠮᠲᠠᠯᠠᠨ ᠴᠢᠬᠤᠯᠠ ᠪᠥᠬᠦᠶ ᠪᠠᠶᠢᠴᠠᠭᠠᠯᠲᠠ ᠶᠢᠨ ᠰᠦᠪᠡᠭᠴᠢ ᠶᠢ ᠬᠠᠩᠭᠠᠬᠤ ᠬᠡᠷᠡᠭᠲᠡᠶ᠃ ᠵᠠᠷᠯᠠᠨ ᠨᠡᠶᠢᠲᠡᠯᠡᠬᠦ ᠬᠤᠭᠤᠴᠠᠭ᠎ᠠ ᠨᠢ ᠳᠦᠭᠦᠷᠴᠦ᠂ ᠠᠰᠠᠭᠤᠳᠠᠯ ᠥᠬᠡᠶ ᠪᠤᠶᠤ ᠠᠰᠠᠭᠤᠳᠠᠯ ᠢ ᠲᠤᠰᠬᠠᠬᠤ ᠳᠠᠭᠠᠨ ᠤᠷᠢᠨ ᠬᠡᠷᠡᠭᠯᠡᠬᠦ ᠶᠢ ᠨᠥᠯᠥᠭᠡᠯᠡᠬᠦ ᠥᠬᠡᠶ ᠪᠠᠶᠢᠪᠠᠯ᠂ ᠤᠷᠢᠨ ᠬᠡᠷᠡᠭᠯᠡᠬᠦ ᠭᠠᠷᠳᠠᠮ ᠭᠦᠢᠴᠡᠳᠭᠡᠨ᠎ᠡ︔ ᠬᠦᠨᠳᠦ ᠨᠣᠴᠢᠲᠠᠶ ᠠᠰᠠᠭᠤᠳᠠᠯ ᠲᠠᠢ ᠪᠥᠭᠡᠳ ᠪᠠᠶᠢᠴᠠᠭᠠᠨ ᠳᠣᠲᠣᠯᠠᠭᠰᠠᠨ ᠪᠠᠶᠢᠪᠠᠯ᠂ ᠤᠷᠢᠵᠤ ᠬᠡᠷᠡᠭᠯᠡᠬᠦ ᠬᠢᠷᠢ ᠬᠡᠮ ᠢ ᠨᠢ ᠬᠠᠰᠤᠨ᠎ᠠ︔ ᠬᠦᠨᠳᠦ ᠨᠣᠴᠢᠲᠠᠶ ᠠᠰᠠᠭᠤᠳᠠᠯ ᠲᠠᠢ ᠪᠣᠯᠪᠠᠴᠤ ᠲᠦᠷ ᠴᠠᠭ ᠪᠠᠶᠢᠴᠠᠭᠠᠨ ᠳᠣᠲᠣᠯᠠᠬᠤ ᠳᠤ ᠪᠡᠷᠬᠡᠲᠡᠶ ᠪᠤᠶᠤ ᠦᠭᠡᠶᠢᠰᠬᠡᠬᠦ ᠳᠤ ᠪᠡᠷᠬᠡᠲᠡᠶ ᠪᠠᠶᠢᠪᠠᠯ᠂ ᠤᠷᠢᠨ ᠬᠡᠷᠡᠭᠯᠡᠬᠦ ᠶᠢ ᠲᠦᠷ ᠬᠤᠶᠢᠰᠢᠯᠠᠭᠤᠯᠵᠤ᠂ ᠪᠠᠶᠢᠴᠠᠭᠠᠨ ᠳᠣᠲᠣᠯᠠᠬᠤ ᠶᠢᠨ ᠬᠠᠮᠲᠤ ᠳ᠋ᠦᠩᠨᠡᠯᠲᠡ ᠭᠠᠷᠭᠠᠭᠰᠠᠨ ᠤ ᠳᠠᠷᠠᠭ᠎ᠠ ᠳᠠᠬᠢᠨ ᠤᠷᠢᠨ ᠬᠡᠷᠡᠭᠯᠡᠬᠦ ᠡᠰᠡᠬᠦ ᠪᠠᠨ ᠲᠣᠭᠲᠠᠭᠠᠨ᠎ᠠ᠃      ᠤᠷᠢᠨ ᠬᠡᠷᠡᠭᠯᠡᠬᠦ ᠪᠠᠷ ᠪᠠᠶᠢᠭ᠎ᠠ ᠬᠥᠮᠦᠰ ᠢ ᠲᠣᠭᠲᠠᠭᠰᠠᠨ ᠴᠠᠭ ᠤᠨ ᠳᠣᠲᠣᠷ᠎ᠠ ᠨᠡᠷ᠎ᠡ ᠮᠡᠳᠡᠭᠦᠯᠬᠦ ᠬᠡᠷᠡᠭᠲᠡᠶ᠂ ᠡᠰᠡ ᠲᠡᠭᠡᠪᠡᠯ ᠥᠪᠡᠷ ᠢᠶᠠᠨ ᠬᠠᠶᠠᠭᠰᠠᠨ ᠢᠶᠠᠷ ᠦᠵᠡᠵᠦ᠂ ᠤᠷᠢᠨ ᠬᠡᠷᠡᠭᠯᠡᠬᠦ ᠬᠢᠷᠢ ᠬᠡᠮ ᠢ ᠨᠢ ᠬᠠᠰᠤᠨ᠎ᠠ᠃ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0470 — 3216305      ᠳᠠᠭᠠᠯᠳᠤᠭᠤᠯᠤᠯ᠄ 2023 ᠣᠨ ᠤ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠬᠦᠷᠢᠶᠡᠨ ᠤ ᠪᠠᠭᠰᠢ ᠤᠷᠢᠨ ᠬᠡᠷᠡᠭᠯᠡᠬᠦ ᠪᠠᠷ ᠪᠠᠶᠢᠭ᠎ᠠ ᠬᠥᠮᠦᠰ ᠤᠨ ᠨᠡᠷᠡᠰ      ᠵᠠᠯᠠᠨ ᠠᠶᠢᠯ ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ      2023 ᠣᠨ ᠤ 8 ᠰᠠᠷ᠎ᠠ ᠶᠢᠨ 14       ᠤ ᠡᠳᠤᠷ
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ