ᠵᠠᠯᠠᠨ ᠠᠶᠢᠯ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠲᠣᠪᠴᠢ‌‍ᠲ᠋ᠠᠨᠢᠯᠴᠠᠭᠤᠯᠭ᠎ᠠ
ᠨᠡᠶᠢᠲᠡᠯᠡᠭᠰᠡᠨ ᠴᠠᠭ᠄
2023/8/21
      ᠵᠠᠯᠠᠨ ᠠᠶᠢᠯ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ 2009 ᠣᠨ ᠳᠤ ᠪᠠᠶᠢᠭᠤᠯᠤᠭᠳᠠᠵᠤ᠂ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠲᠤ ᠬᠠᠷᠢᠶᠠᠯᠠᠭᠳᠠᠵᠤ᠂ 2019 ᠣᠨ ᠤ 2 ᠰᠠᠷ᠎ᠠ ᠳᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭ᠎ᠠ ᠲᠤᠰᠠᠭᠠᠷ ᠬᠤᠶᠠᠳᠤᠭᠠᠷ ᠳᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠣᠯᠪᠠ᠃ ᠵᠠᠯᠠᠨ ᠠᠶᠢᠯ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ︵ᠳᠣᠷᠣᠭᠰᠢ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠭᠡᠵᠦ ᠲᠣᠪᠴᠢᠯᠠᠨ᠎ᠠ︶ ᠪᠣᠯ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠳᠡᠰ ᠪᠣᠯᠤᠨ᠎ᠠ᠃ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠵᠠᠰᠠᠭ ᠵᠠᠬᠢᠷᠭᠠᠨ ᠤ ᠣᠷᠣᠨ ᠲᠤᠭ᠎ᠠ 6 ᠬᠥᠮᠦᠨ᠃ ᠪᠠᠭ ᠤᠨ ᠰᠠᠯᠠᠭᠠᠨ ᠲᠠᠰ ᠤᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ ᠨᠢ 3 ᠬᠥᠮᠦᠨ ︵1 ᠵᠢᠩᠬᠢᠨᠢ 2 ᠳᠡᠳ᠋︶ ᠪᠠᠶᠢᠵᠤ᠂ ᠳᠣᠲᠣᠷ᠎ᠠ ᠨᠢ ᠭᠤᠷᠪᠠᠨ ᠠᠯᠪᠠᠨ ᠬᠡᠷ ᠲᠠᠢ᠃        ᠨᠢᠭᠡ᠂ ᠭᠤᠤᠯ ᠡᠭᠦᠷᠭᠡ ᠬᠠᠷᠢᠭᠤᠴᠠᠯᠭ᠎ᠠ       ︵ᠨᠢᠭᠡ︶ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠥᠬᠦᠶ ᠲᠥᠷᠥ  ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠲᠤᠰ ᠭᠠᠵᠠᠷ ᠣᠷᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠣᠬᠢᠴᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃      ︵ᠬᠤᠶᠠᠷ︶ ᠵᠠᠬᠢᠳᠠᠯ ᠴᠢᠮᠡᠭᠡ ᠭᠦᠢᠴᠡᠳᠬᠡᠬᠦ ᠠᠵᠢᠯ  ᠢ ᠬᠠᠷᠢᠭᠤᠴᠠᠨ᠎ᠠ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠪᠣᠯᠤᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠲᠤᠰᠢᠶᠠᠨ  ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ  ᠵᠦᠢᠯᠡᠰ ᠢ ᠳᠠᠭᠠᠭᠠᠨ  ᠭᠦᠢᠴᠡᠳᠭᠡᠨ᠎ᠡ᠃ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ  ᠰᠢᠢᠳᠪᠦᠷᠢᠯᠡᠬᠦ ᠪᠠ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠤ ᠬᠦᠯᠢᠶᠡᠨ ᠠᠪᠬᠤ ᠠᠵᠢᠯ ᠢ ᠬᠠᠷᠢᠭᠤᠴᠠᠵᠤ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ᠂ ᠵᠠᠬᠢᠳᠠᠯ ᠰᠤᠷᠪᠤᠯᠵᠢᠯᠠᠭ᠎ᠠ ᠶᠢᠨ ᠬᠠᠯᠠᠭᠤᠨ ᠤᠲᠠᠰᠤ ᠶᠢ ᠬᠦᠯᠢᠶᠡᠨ ᠠᠪᠴᠤ ᠰᠢᠢᠳᠪᠦᠷᠢᠯᠡᠬᠦ᠂ ᠵᠣᠬᠢᠶᠠᠨ ᠪᠠᠶᠢᠭᠤᠯᠵᠤ ᠰᠢᠢᠳᠪᠦᠷᠢᠯᠡᠬᠦ ᠪᠠ ᠬᠠᠷᠢᠭᠤᠯᠲᠠ ᠥᠭᠬᠦ ᠵᠡᠷᠭᠡ ᠠᠵᠢᠯ ᠢ ᠬᠠᠷᠢᠭᠤᠴᠠᠨ᠎ᠠ᠃      ︵ᠭᠤᠷᠪᠠ︶ ᠵᠠᠬᠢᠳᠠᠯ ᠰᠤᠷᠪᠤᠯᠵᠢᠯᠠᠭ᠎ᠠ ᠶᠢᠨ ᠰᠢᠪᠠᠳᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠲᠤᠰ ᠭᠠᠵᠠᠷ ᠣᠷᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠳᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠯᠵᠢᠭᠦᠯᠦᠨ  ᠰᠢᠢᠳᠪᠦᠷᠢᠯᠡᠭᠦᠯᠬᠦ᠂ ᠲᠤᠰᠢᠶᠠᠨ ᠰᠢᠢᠳᠪᠦᠷᠢᠯᠡᠭᠦᠯᠬᠦ ᠶᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠶᠢ ᠰᠢᠪᠠᠳᠠᠨ ᠪᠠᠶᠢᠴᠠᠭᠠᠵᠤ᠂ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠠᠷᠢᠭᠤᠴᠠᠨ ᠵᠣᠬᠢᠴᠠᠭᠤᠯᠤᠨ᠎ᠠ᠃      ︵ᠳᠥᠷᠪᠡ︶ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠰᠤᠳᠤᠯᠤᠨ ᠮᠠᠭᠠᠳᠯᠠᠬᠤ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠲᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠨᠠᠮ ᠵᠠᠰᠠᠭ ᠤᠨ ᠤᠳᠤᠷᠢᠳᠬᠤ ᠺᠠᠲᠡᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠳᠦᠷ ᠤᠨ ᠲᠦᠷᠢᠮ ᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠵᠠᠳᠠᠯᠤᠨ ᠰᠢᠨᠵᠢᠯᠡᠬᠦ ᠶᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠤᠨᠤᠯ ᠤᠨ ᠰᠤᠳᠤᠯᠭᠠᠨ ᠢ ᠥᠷᠨᠢᠭᠦᠯᠵᠦ᠂ ᠲᠤᠷᠰᠢᠯᠭ᠎ᠠ ᠪᠠ ᠠᠷᠭ᠎ᠠ ᠪᠠᠨ ᠳ᠋ᠦᠩᠨᠡᠵᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠳᠤ ᠬᠤᠯᠪᠣᠭᠳᠠᠯ ᠪᠦᠬᠦᠢ ᠰᠠᠨᠠᠭᠤᠯᠭ᠎ᠠ ᠳᠤᠷᠠᠳᠤᠨ᠎ᠠ᠃      ︵ᠲᠠᠪᠤ︶ ᠵᠠᠬᠢᠳᠠᠯ ᠰᠤᠷᠪᠤᠯᠵᠢᠯᠠᠭ᠎ᠠ ᠶᠢᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠡᠷᠡᠭᠵᠢᠭᠦᠯᠪᠡ᠃ ᠬᠥᠯᠥᠨ ᠪᠤᠶᠢᠷ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠬᠡᠷᠡᠭᠵᠢᠭᠦᠯᠦᠨ᠎ᠡ᠃      ︵ᠵᠢᠷᠭᠤᠭ᠎ᠠ︶ ᠵᠠᠯᠠᠨ ᠠᠶᠢᠯ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠲᠣᠭᠲᠠᠭᠠᠭᠰᠠᠨ ᠵᠦᠢᠯᠡᠰ ᠤᠨ ᠨᠠᠶᠢᠳᠠᠪᠤᠷᠢᠵᠢᠭᠤᠯᠤᠯᠲᠠ ᠶᠢ ᠰᠢᠪᠠᠳᠠᠨ ᠪᠠᠶᠢᠴᠠᠭᠠᠨ᠎ᠠ᠃      ︵ᠲᠤᠯᠤᠭ᠎ᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃       ᠬᠤᠶᠠᠷ᠂ ᠳᠣᠲᠣᠭᠠᠳᠤ ᠪᠠᠶᠢᠭᠤᠯᠤᠮᠵᠢ᠄         ︵ᠨᠢᠭᠡ︶ ᠶᠡᠷᠦᠩᠬᠡᠶᠢᠯᠡᠭᠰᠡᠨ ᠠᠯᠪᠠᠨ ᠬᠡᠷ᠄ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠶᠡᠷᠦᠩᠬᠡᠶᠢᠯᠡᠭᠰᠡᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠬᠤ᠂ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠮᠡᠳᠡᠭᠡ ᠵᠠᠩᠭᠢ ᠶᠢᠨ ᠤᠬᠠᠭᠤᠯᠭ᠎ᠠ᠂ ᠬᠤᠷᠠᠯ ᠤᠨ ᠶᠠᠪᠤᠳᠠᠯ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠨᠢᠭᠤᠴᠠ ᠴᠢᠬᠤᠯᠠ ᠮᠠᠲ᠋ᠧᠷᠢᠶᠠᠯ᠂ ᠲᠠᠩᠰᠠ ᠡᠪᠬᠡᠮᠡᠯ᠂ ᠡᠳ᠋ ᠤᠨ ᠶᠠᠪᠤᠳᠠᠯ᠂ ᠪᠣᠯᠪᠠᠰᠤᠷᠠᠭᠤᠯᠤᠯ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠵᠡᠷᠭᠡ ᠵᠠᠰᠠᠭ ᠤᠨ ᠶᠠᠪᠤᠳᠠᠯ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠪᠠ ᠠᠵᠢᠯ ᠠᠴᠠ ᠪᠠᠨ ᠪᠠᠭᠤᠭᠰᠠᠳ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠨᠠᠮ ᠤᠨ ᠪᠠᠶᠢᠭᠤᠯᠤᠯᠲᠠ᠂ ᠣᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠠᠯᠲᠠᠲᠤ ᠬᠠᠮᠢᠶᠠᠷᠤᠯᠲᠠ ᠶᠢᠨ ᠬᠢᠨᠠᠨ ᠰᠢᠯᠭᠠᠯᠲᠠ ᠪᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠥᠭᠡᠷᠡᠴᠢᠯᠡᠯᠲᠡ ᠶᠢᠨ ᠡᠭᠦᠷᠭᠡ ᠵᠡᠷᠭᠡ ᠶᠢ ᠡᠭᠦᠷᠭᠡᠯᠡᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠵᠢᠯᠣᠭᠤᠳᠬᠤ ᠰᠠᠨᠠᠭᠤᠯᠭ᠎ᠠ ᠳᠤᠷᠠᠳᠤᠨ᠎ᠠ᠃ ᠪᠦᠬᠦ ᠲᠠᠯ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠤᠬᠠᠶᠢᠯᠠᠭᠰᠠᠨ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ  ᠨᠠᠮ ᠵᠠᠰᠠᠭ ᠤᠨ ᠤᠳᠤᠷᠢᠳᠬᠤ  ᠺᠠᠲᠡᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠳᠦᠷ ᠤᠨ ᠳᠦᠷᠢᠮ ᠢ ᠬᠠᠷᠢᠭᠤᠴᠠᠨ ᠬᠡᠷᠡᠭᠵᠢᠭᠦᠯᠦᠨ᠎ᠡ᠃ ᠵᠠᠯᠠᠨ ᠠᠶᠢᠯ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃      ︵ᠬᠤᠶᠠᠷ︶ ᠵᠠᠬᠢᠳᠠᠯ  ᠰᠢᠢᠳᠪᠦᠷᠢᠯᠡᠬᠦ ᠭᠡᠷ᠄ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠢᠷᠡᠭᠦᠯᠦᠭᠰᠡᠨ ᠵᠠᠬᠢᠳᠠᠯ ᠢ ᠬᠠᠷᠢᠭᠤᠴᠠᠨ ᠬᠥᠯᠢᠶᠡᠨ ᠠᠪᠴᠤ  ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠵᠥᠪᠰᠢᠶᠡᠷᠡᠨ  ᠭᠦᠢᠴᠡᠳᠭᠡᠭᠰᠡᠨ ᠵᠠᠬᠢᠳᠠᠯ ᠤᠨ  ᠵᠦᠢᠯᠡᠰ ᠢ ᠳᠠᠭᠠᠭᠠᠨ  ᠭᠦᠢᠴᠡᠳᠭᠡᠨ᠎ᠡ᠃ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠰᠢᠯᠵᠢᠭᠦᠯᠦᠨ ᠬᠦᠷᠭᠡᠭᠰᠡᠨ᠂ ᠲᠤᠰᠢᠶᠠᠨ  ᠰᠢᠢᠳᠪᠦᠷᠢᠯᠡᠭᠦᠯᠦᠭᠰᠡᠨ ᠵᠠᠬᠢᠳᠠᠯ ᠤᠨ  ᠵᠦᠢᠯᠡᠰ ᠢ ᠳᠠᠭᠠᠭᠠᠨ ᠭᠦᠢᠴᠡᠳᠭᠡᠨ᠎ᠡ᠃ ᠢᠷᠡᠭᠦᠯᠦᠭᠰᠡᠨ ᠵᠠᠬᠢᠳᠠᠯ᠂ ᠰᠤᠷᠪᠤᠯᠵᠢᠯᠠᠬᠤ ᠪᠠᠷ ᠢᠷᠡᠭᠰᠡᠨ ᠵᠦᠢᠯᠡᠰ ᠢ ᠳᠠᠮᠵᠢᠭᠤᠯᠤᠨ ᠬᠦᠷᠭᠡᠬᠦ᠂ ᠲᠤᠰᠢᠶᠠᠨ  ᠰᠢᠢᠳᠪᠦᠷᠢᠯᠡᠭᠦᠯᠬᠦ᠂ ᠰᠢᠪᠠᠳᠠᠨ ᠰᠢᠢᠳᠪᠦᠷᠢᠯᠡᠭᠦᠯᠬᠦ᠂ ᠢᠷᠡᠭᠦᠯᠦᠭᠰᠡᠨ ᠵᠠᠬᠢᠳᠠᠯ᠂ ᠢᠷᠡᠭᠦᠯᠦᠭᠰᠡᠨ ᠪᠠᠶᠢᠳᠠᠯ ᠢ ᠪᠦᠷᠢᠳᠬᠡᠨ ᠵᠠᠳᠠᠯᠬᠤ ᠶᠢᠨ ᠬᠠᠮᠲᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃ ᠲᠤᠰ ᠭᠠᠵᠠᠷ ᠣᠷᠣᠨ ᠤ ᠪᠠᠨ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠵᠠᠬᠢᠳᠠᠯ ᠴᠢᠮᠡᠭᠡ  ᠰᠢᠢᠳᠪᠦᠷᠢᠯᠡᠬᠦ ᠠᠵᠢᠯ ᠢ ᠵᠢᠯᠣᠭᠤᠳᠤᠨ ᠪᠠᠶᠢᠴᠠᠭᠠᠨ᠎ᠠ᠃ ᠰᠦᠯᠵᠢᠶᠡᠨ ᠤ ᠠᠷᠭ᠎ᠠ ᠵᠠᠮ ᠤᠨ ᠵᠠᠬᠢᠳᠠᠯ ᠰᠤᠷᠪᠤᠯᠵᠢᠯᠠᠭ᠎ᠠ ᠶᠢᠨ ᠲᠤᠬᠠᠶᠢᠯᠠᠭᠰᠠᠨ ᠠᠵᠢᠯ ᠢ ᠰᠢᠢᠳᠪᠦᠷᠢᠯᠡᠬᠦ ᠪᠠ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠢ ᠬᠠᠮᠠᠭᠠᠯᠠᠬᠤ ᠶᠢ ᠬᠠᠷᠢᠭᠤᠴᠠᠨ᠎ᠠ᠃     ᠰᠢᠮᠳᠠᠭᠤᠯᠤᠨ ᠪᠠᠶᠢᠴᠠᠭᠠᠬᠤ ᠲᠠᠰᠤᠭ᠄ ᠪᠥᠬᠦ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠮᠳᠠᠭᠤᠯᠤᠨ ᠪᠠᠶᠢᠴᠠᠭᠠᠬᠤ᠂ ᠰᠢᠮᠳᠠᠭᠤᠯᠤᠨ  ᠰᠢᠢᠳᠪᠦᠷᠢᠯᠡᠭᠦᠯᠬᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠪᠠᠶᠢᠴᠠᠭᠠᠬᠤ᠂ ᠳᠠᠬᠢᠨ ᠪᠠᠶᠢᠴᠠᠭᠠᠬᠤ ᠵᠦᠢᠯᠡᠰ ᠢ ᠬᠢᠨᠠᠨ ᠪᠠᠶᠢᠴᠠᠭᠠᠬᠤ᠂ ᠳᠡᠭᠡᠳᠦ ᠱᠠᠲᠤᠨ ᠠᠴᠠ ᠲᠤᠰᠢᠶᠠᠨ  ᠰᠢᠢᠳᠪᠦᠷᠢᠯᠡᠭᠦᠯᠦᠭᠰᠡᠨ ᠭᠤᠤᠯᠳᠠᠯᠭ᠎ᠠ ᠲᠠᠢ ᠬᠡᠷᠡᠭ᠂ ᠭᠤᠤᠯᠳᠠᠯᠭ᠎ᠠ ᠲᠠᠢ ᠠᠵᠢᠯᠲᠠᠨ ᠤ ᠪᠠᠶᠢᠳᠠᠯ ᠢ ᠬᠠᠷᠭᠤᠭᠤᠯᠤᠨ ᠪᠠᠶᠢᠴᠠᠭᠠᠬᠤ᠂ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠰᠠᠨᠠᠭᠤᠯᠭ᠎ᠠ ᠳᠤᠷᠠᠳᠤᠨ᠎ᠠ᠃ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠰᠤᠷᠪᠤᠯᠵᠢᠯᠠᠬᠤ ᠪᠠᠷ ᠢᠷᠡᠬᠦ ᠠᠵᠢᠯ ᠢ ᠰᠢᠪᠠᠳᠠᠨ  ᠰᠢᠢᠳᠪᠦᠷᠢᠯᠡᠭᠦᠯᠦᠨ᠎ᠡ᠃ ᠲᠣᠰ ᠭᠠᠵᠠᠷ ᠣᠷᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠲᠦᠪᠡᠭ ᠪᠤᠳᠤᠯᠢᠶᠠᠨᠲᠠᠶ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠪᠠᠳᠠᠨ ᠰᠢᠢᠳᠪᠦᠷᠢᠯᠡᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠤᠨ ᠣᠨᠴᠠᠭᠠᠶ ᠲᠦᠪᠡᠭᠲᠡᠶ ᠪᠡᠯᠡ ᠮᠥᠩᠭᠦ ᠶᠢ ᠬᠠᠮᠢᠶᠠᠷᠴᠤ ᠬᠡᠷᠡᠭᠯᠡᠨ᠎ᠡ᠃ ᠲᠤᠰ ᠭᠠᠵᠠᠷ ᠣᠷᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠲᠦᠷᠢᠮ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ ᠠᠵᠢᠯ ᠢᠶᠠᠨ ᠬᠠᠯᠠᠨ ᠰᠠᠶᠢᠵᠢᠷᠠᠭᠤᠯᠬᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠲᠤᠬᠠᠶ ᠰᠠᠨᠠᠭᠤᠯᠭ᠎ᠠ ᠳᠤᠷᠠᠳᠴᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠳᠤ  ᠰᠢᠢᠳᠪᠦᠷᠢᠯᠡᠬᠦ ᠰᠠᠨᠠᠭᠤᠯᠭ᠎ᠠ ᠳᠤᠷᠠᠳᠤᠨ᠎ᠠ᠃ ᠮᠠᠨ ᠤ ᠬᠤᠲᠠ ᠶᠢᠨ ᠪᠡᠭᠡᠵᠢᠩ ᠳᠤ ᠰᠠᠭᠤᠭ᠎ᠠ᠂ ᠬᠥᠬᠡᠬᠤᠲᠠ ᠳᠤ ᠰᠠᠭᠤᠭ᠎ᠠ᠂ ᠬᠥᠯᠥᠨ ᠪᠤᠶᠢᠷ ᠲᠤ ᠰᠠᠭᠤᠭ᠎ᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠣᠬᠢᠴᠠᠭᠤᠯᠬᠤ ᠶᠢ ᠬᠠᠷᠢᠭᠤᠴᠠᠨ᠎ᠠ᠃ ᠤᠯᠠᠨ ᠲᠦᠮᠡᠨ ᠤ ᠬᠠᠤᠯᠢ ᠶᠣᠰᠣᠭᠠᠷ ᠱᠠᠳᠤ ᠱᠠᠳᠤ ᠪᠠᠷ ᠰᠤᠷᠪᠤᠯᠵᠢᠯᠠᠬᠤ᠂ ᠵᠠᠭᠠᠯᠳᠤᠬᠤ ᠪᠠ ᠰᠤᠷᠪᠤᠯᠵᠢᠯᠠᠬᠤ ᠶᠢ ᠰᠠᠯᠭᠠᠬᠤ᠂ ᠵᠠᠬᠢᠳᠠᠯ ᠰᠤᠷᠪᠤᠯᠵᠢᠯᠠᠭ᠎ᠠ ᠶᠢᠨ ᠭᠤᠮᠣᠳᠠᠯ ᠱᠠᠭᠠᠷᠳᠠᠯᠭ᠎ᠠ ᠶᠢ ᠬᠠᠤᠯᠢ ᠶᠣᠰᠣᠭᠠᠷ ᠲᠦᠷᠦᠯ ᠬᠤᠪᠢᠶᠠᠨ  ᠰᠢᠢᠳᠪᠦᠷᠢᠯᠡᠬᠦ᠂ ᠬᠠᠤᠯᠢᠴᠢ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤ ᠣᠷᠣᠯᠴᠠᠬᠤ ᠶᠢ ᠵᠣᠬᠢᠴᠠᠭᠤᠯᠤᠨ ᠬᠥᠲᠥᠯᠥᠨ ᠵᠢᠯᠣᠭᠤᠳᠬᠤ ᠶᠢ ᠬᠠᠷᠢᠭᠤᠴᠠᠨ᠎ᠠ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠵᠣᠬᠢᠴᠠᠭᠤᠯᠤᠨ᠎ᠠ᠃       ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ ᠶᠢᠨ ᠭᠤᠣᠯ  ᠤᠨ ᠪᠠᠷᠠᠭᠤᠨᠳᠡᠬᠢ  ᠰᠢᠨ᠎ᠡ ᠲᠣᠭᠤᠷᠢᠭ ᠤᠨ ᠵᠠᠰᠠᠭ ᠤᠨ ᠶᠠᠪᠤᠳᠠᠯ ᠤᠨ ᠨᠢᠭᠡᠳᠦᠭᠡᠷ ᠵᠡᠭᠡᠯᠢ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠠᠰᠠᠷ ᠤᠨ ᠨᠢᠭᠡᠳᠦᠭᠡᠷ ᠳᠠᠪᠬᠤᠷᠯᠢᠭ ᠤᠨ ᠪᠠᠷᠠᠭᠤᠨ ᠲᠠᠯ᠎ᠠ       ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 3219165      ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠯᠢ ᠵᠢᠶᠠᠨ      ᠭᠤᠷᠪᠠ᠂ ᠬᠠᠷᠢᠶ᠎ᠠ ᠪᠠᠶᠢᠭᠤᠯᠤᠮᠵᠢ      ︵ᠨᠢᠭᠡ︶ ᠵᠠᠯᠠᠨ ᠠᠶᠢᠯ ᠬᠤᠲᠠ ᠶᠢᠨ ᠰᠤᠷᠪᠤᠯᠵᠢᠯᠠᠭ᠎ᠠ ᠶᠢ ᠭᠥᠯᠢᠶᠡᠨ ᠠᠪᠬᠤ ᠪᠠ ᠰᠦᠯᠵᠢᠶᠡᠨ ᠤ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠲᠥᠪ ᠪᠣᠯ ᠵᠠᠯᠠᠨ ᠠᠶᠢᠯ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ  ᠦᠢᠯᠡᠰ ᠤᠨ ᠨᠢᠭᠡᠴᠡ ᠪᠠᠶᠢᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠰᠲ᠋ᠣᠺ ᠤᠨ ᠲᠠᠰ ᠲᠠᠢ ᠲᠡᠩᠴᠡᠨ᠎ᠡ᠃      ︵ᠬᠤᠶᠠᠷ︶ ᠭᠤᠣᠯ ᠡᠭᠦᠷᠭᠡ ᠬᠠᠷᠢᠭᠤᠴᠠᠯᠭ᠎ᠠ᠄       1. ᠬᠤᠯᠪᠣᠭᠳᠠᠯ ᠪᠦᠬᠦᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠤᠤᠱᠯᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠵᠣᠬᠢᠴᠠᠭᠤᠯᠬᠤ ᠪᠠ ᠬᠦᠯᠢᠶᠡᠨ ᠠᠪᠴᠤ ᠰᠢᠢᠳᠪᠦᠷᠢᠯᠡᠬᠦ ᠵᠡᠷᠭᠡ ᠠᠵᠢᠯ ᠢ ᠥᠷᠨᠢᠭᠦᠯᠦᠨ᠎ᠡ᠃      2. ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠪᠦᠷᠢᠳᠬᠡᠬᠦ ᠪᠠ ᠮᠡᠳᠡᠭᠡ ᠵᠠᠩᠭᠢ ᠶᠢ ᠪᠦᠷᠢᠳᠬᠡᠬᠦ ᠠᠵᠢᠯ ᠢ ᠡᠭᠦᠷᠭᠡᠯᠡᠵᠦ᠂ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠬᠤ ᠠᠵᠢᠯ ᠤᠨ ᠡᠮᠬᠢ ᠳᠢᠭᠯᠢᠮ ᠢ ᠵᠢᠷᠤᠮᠵᠢᠭᠤᠯᠤᠨ᠎ᠠ︔ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠭ᠎ᠠ ᠶᠢᠨ ᠲᠢᠩᠬᠢᠮ ᠳᠤ ᠬᠦᠷᠴᠦ ᠰᠤᠷᠪᠤᠯᠵᠢᠯᠠᠭ᠎ᠠ ᠶᠢ ᠬᠦᠯᠢᠶᠡᠨ ᠠᠪᠬᠤ ᠵᠠᠬᠢᠳᠠᠯ ᠰᠤᠷᠪᠤᠯᠵᠢᠯᠠᠭ᠎ᠠ ᠶᠢᠨ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠵᠣᠬᠢᠶᠠᠨ ᠪᠠᠶᠢᠭᠤᠯᠵᠤ ᠵᠣᠬᠢᠴᠠᠭᠤᠯᠬᠤ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃      3. ᠪᠦᠬᠦ ᠬᠤᠲᠠ ᠶᠢᠨ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ ᠪᠠ ᠵᠠᠭᠠᠯᠳᠤᠯᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠵᠡᠷᠭᠡ ᠠᠵᠢᠯ ᠢ ᠡᠭᠦᠷᠭᠡᠯᠡᠨ᠎ᠡ᠃      4. ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠬᠦᠴᠢᠷᠳᠡᠯ ᠲᠠᠢ ᠵᠠᠬᠢᠳᠠᠯ ᠰᠤᠷᠪᠤᠯᠵᠢᠯᠠᠭ᠎ᠠ ᠶᠢᠨ ᠠᠵᠢᠯᠲᠠᠨ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠨ᠎ᠠ᠂  ᠭᠡᠨᠡᠳᠲᠡ ᠶᠢᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠠᠷᠭᠠᠴᠠᠵᠤ᠂ ᠴᠢᠬᠤᠯᠠ ᠶᠡᠭᠡ ᠠᠵᠢᠯᠯᠠᠭ᠎ᠠ᠂ ᠴᠢᠬᠤᠯᠠ ᠬᠤᠷᠠᠯ᠂ ᠭᠤᠣᠯᠳᠠᠯᠭ᠎ᠠ ᠲᠠᠢ ᠲᠤᠰᠬᠠᠶ ᠠᠵᠢᠯ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠪᠠᠲᠤᠯᠠᠭ᠎ᠠ ᠶᠢᠨ ᠠᠵᠢᠯ ᠢ ᠥᠷᠨᠢᠭᠦᠯᠦᠨ᠎ᠡ᠃      5᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠵᠠᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠬᠠᠪᠰᠤᠷᠤᠮᠵᠢ ᠶᠢᠨ ᠴᠢᠨᠠᠷᠲᠠᠶ ᠠᠵᠢᠯ ᠢ ᠡᠭᠦᠷᠭᠡᠯᠡᠨ᠎ᠡ᠂  ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠰᠤᠳᠤᠯᠤᠨ ᠮᠠᠭᠠᠳᠯᠠᠵᠤ᠂ ᠤᠷᠢᠳᠴᠢᠯᠠᠨ ᠰᠡᠷᠡᠮᠵᠢᠯᠡᠭᠦᠯᠵᠦ ᠰᠢᠢᠳᠪᠦᠷᠢᠯᠡᠬᠦ᠂ ᠪᠠᠶᠢᠴᠠᠭᠠᠨ ᠰᠤᠳᠤᠯᠤᠯᠲᠠ ᠬᠢᠬᠦ ᠵᠡᠷᠭᠡ ᠠᠵᠢᠯ ᠢ ᠥᠷᠨᠢᠭᠦᠯᠦᠨ᠎ᠡ᠃      6᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃       ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ ᠶᠢᠨ ᠭᠤᠣᠯ  ᠤᠨ ᠪᠠᠷᠠᠭᠤᠨᠳᠡᠬᠢ ᠰᠢᠨ᠎ᠡ ᠲᠣᠭᠤᠷᠢᠭ ᠤᠨ ᠵᠠᠰᠠᠭ ᠤᠨ ᠶᠠᠪᠤᠳᠠᠯ ᠤᠨ ᠨᠢᠭᠡᠳᠦᠭᠡᠷ ᠵᠡᠭᠡᠯᠢ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠠᠰᠠᠷ ᠤᠨ ᠨᠢᠭᠡᠳᠦᠭᠡᠷ ᠳᠠᠪᠬᠤᠷᠯᠢᠭ ᠤᠨ ᠪᠠᠷᠠᠭᠤᠨ ᠲᠠᠯ᠎ᠠ      ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 3219257      ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠯᠢ ᠵᠢᠶᠠᠨ
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ