ᠵᠠᠯᠠᠨ ᠠᠶᠢᠯ  ᠬᠤᠲᠠ ᠳᠤᠮᠳᠠᠳᠤ ᠤᠯᠤᠰ ᠤᠨ ᠡᠮᠴᠢ ᠶᠢᠨ ᠪᠠᠶᠠᠷ ᠢ ᠪᠡᠯᠭᠡᠯᠡᠬᠦ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/25
2.jpg3.jpg1.jpg 
      ᠡᠮᠴᠢ ᠶᠢᠨ ᠠᠵᠢᠯ ᠮᠡᠷᠭᠡᠵᠢᠯ ᠤᠨ ᠵᠤᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠶᠢᠨ ᠲᠥᠯᠥᠭᠡ᠂ ᠡᠮᠴᠢ ᠶᠢ  ᠬᠦᠨᠳᠦᠳᠭᠡᠨ ᠡᠷᠡᠭᠦᠯ ᠬᠠᠮᠠᠭᠠᠯᠠᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ 8 ᠰᠠᠷ᠎ᠠ ᠶᠢᠨ 19      ᠤ ᠡᠳᠦᠷ᠂ ᠵᠠᠯᠠᠨ ᠠᠶᠢᠯ ᠬᠤᠲᠠ ︽ᠡᠷᠡᠭᠦᠯ ᠮᠡᠨᠳᠦ ᠶᠢᠨ ᠡᠭᠦᠷᠭᠡ ᠶᠢ  ᠵᠤᠷᠢᠭᠲᠠᠢ ᠪᠠᠷ ᠡᠭᠦᠷᠭᠡᠯᠡᠵᠦ᠂ ᠴᠠᠭ ᠦᠶ᠎ᠡ ᠶᠢᠨ ᠰᠢᠨ᠎ᠡ ᠭᠠᠪᠢᠶ᠎ᠠ ᠶᠢ ᠴᠣᠭᠴᠠᠯᠠᠶ᠎ᠠ︾ ᠭᠡᠬᠦ ᠳᠤᠮᠳᠠᠳᠤ ᠤᠯᠤᠰ ᠤᠨ ᠡᠮᠴᠢ ᠶᠢᠨ ᠪᠠᠶᠠᠷ ᠢ ᠪᠡᠯᠭᠡᠯᠡᠬᠦ ᠶᠠᠷᠢᠯᠴᠠᠬᠤ ᠬᠤᠷᠠᠯ ᠬᠤᠷᠠᠯᠳᠤᠭᠤᠯᠵᠤ᠂ ᠥᠷᠭᠡᠨ ᠣᠯᠠᠨ ᠡᠮᠨᠡᠯᠭᠡ ᠶᠢᠨ ᠠᠵᠢᠯᠲᠠᠳ ᠲᠤ ᠪᠠᠶᠠᠷ ᠤᠨ ᠡᠳᠦᠷ ᠤᠨ ᠲᠣᠬᠤᠨᠢᠭᠤᠯᠤᠯ ᠪᠠ ᠪᠠᠶᠠᠷ ᠬᠦᠷᠭᠡᠪᠡ᠃ ᠬᠥᠯᠥᠨ ᠪᠤᠶᠢᠷ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠯᠢᠦ ᠱᠢ ᠶᠦᠩ᠂ ᠵᠠᠯᠠᠨ ᠠᠶᠢᠯ ᠬᠤᠲᠠ ᠶᠢᠨ ᠤᠳᠤᠷᠢᠳᠤᠯᠭ᠎ᠠ ᠦ᠋  ᠴᠸᠡᠨ ᠳ᠋ᠦᠩ᠂ ᠰᠥᠩ ᠬᠤᠶ᠂ ᠵᠢᠶᠤᠤ ᠵᠢᠶᠠᠨ᠂ ᠬᠤᠲᠠ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ  ᠪᠦᠬᠦᠢ᠂ ᠡᠮᠴᠢ ᠶᠢᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ   ᠤᠷᠦᠯᠴᠠᠭᠰᠠᠳ ᠡᠮᠴᠢ ᠶᠢᠨ  ᠮᠤᠷᠠᠯ ᠰᠤᠷᠲᠠᠯ ᠢ ᠪᠠᠳᠠᠷᠠᠭᠤᠯᠬᠤ᠂ ᠡᠮ ᠡᠮᠨᠡᠯᠭᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ᠂ ᠯᠢᠩ ᠳ᠋ᠦᠩ ᠣᠷᠣᠨ ᠪᠦᠰᠡ ᠶᠢᠨ ᠡᠮ ᠡᠮᠨᠡᠯᠭᠡ ᠶᠢᠨ ᠲᠥᠪ ᠢ ᠪᠠᠶᠢᠭᠤᠯᠬᠤ ᠵᠡᠷᠭᠡ ᠶᠢᠨ ᠲᠣᠭᠤᠷᠢᠨ ᠳᠤ ᠭᠦᠨᠵᠡᠭᠡᠢ ᠶᠠᠷᠢᠯᠴᠠᠨ ᠶᠠᠷᠢᠯᠴᠠᠵᠤ᠂ ᠢᠳᠡᠪᠬᠢᠲᠡᠢ ᠪᠠᠷ  ᠰᠠᠨᠠᠯ ᠵᠥᠪᠯᠡᠯᠭᠡ  ᠳᠤᠷᠠᠳᠤᠨ ᠠᠷᠭ᠎ᠠ  ᠤᠬᠠᠭᠠᠨ  ᠭᠠᠷᠭᠠᠵᠤ᠂ ᠪᠦᠯᠬᠦᠮᠳᠡᠨ ᠲᠡᠮᠡᠴᠡᠬᠦ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ᠂ ᠠᠷᠠᠳ ᠲᠦᠮᠡᠨ ᠤ ᠡᠷᠡᠭᠦᠯ ᠮᠡᠨᠳᠦ ᠶᠢ  ᠬᠠᠮᠠᠭᠠᠯᠠᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ  ᠨᠢᠭᠲᠠᠷᠠᠭᠤᠯᠤᠯᠵᠠᠢ᠃      ᠣᠶᠢᠷ᠎ᠠ ᠶᠢᠨ ᠵᠢᠯ ᠠᠴᠠ ᠨᠠᠰᠢ᠂ ᠵᠠᠯᠠᠨ ᠠᠶᠢᠯ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ︽ᠠᠷᠠᠳ ᠲᠦᠮᠡᠨ ᠢ ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠷᠢᠮᠲᠠᠯᠠᠵᠤ᠂ ᠥᠭᠡᠷᠡᠴᠢᠯᠡᠯᠲᠡ ᠬᠢᠬᠦ᠂ ᠬᠥᠭᠵᠢᠭᠦᠯᠬᠦ  ᠪᠠᠷ   ᠴᠢᠷᠮᠠᠶᠢᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠣᠭᠲᠠᠭᠤᠨ ᠪᠠᠶᠢᠳᠠᠯ  ᠢ  ᠪᠠᠲᠤᠯᠠᠬᠤ  ᠶᠢ  ᠪᠥᠬᠦ  ᠬᠦᠴᠦᠨ ᠢᠶᠠᠷ ᠢᠶᠠᠨ   ᠪᠠᠷᠢᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠪᠠ‌ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠦᠭᠰᠡᠨ ᠬᠦᠷᠲᠡᠮᠵᠢ ᠶᠢᠨ ᠲᠥᠷᠥᠭᠳᠡᠯ  ᠪᠠ ᠵᠣᠯ ᠵᠢᠷᠭᠠᠯ ᠤᠨ ᠰᠡᠳᠬᠢᠭᠳᠡᠯ ᠢ ᠵᠢᠯ  ᠳᠠᠷᠠᠭᠠᠯᠠᠨ ᠳᠡᠭᠡᠭᠰᠢᠯᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ  ᠦᠢᠯᠡᠰ ᠲᠤ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠲᠠᠢ ᠪᠣᠯᠤᠭᠰᠠᠨ ᠪᠠᠶᠢᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ