ᠬᠥᠯᠥᠨ ᠪᠤᠶᠢᠷ ᠤᠨ ᠠᠨ ᠲᠠᠢ ᠢᠯᠴᠢ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠠᠯᠠᠨ ᠠᠶᠢᠯ ‍ᠤᠨ‌ᠢᠯᠴᠢ  ᠴᠠᠬᠢᠯᠭᠠᠨ ᠤ ᠦᠢᠯᠡᠳᠪᠦᠷᠢ ᠶᠢᠨ ᠡᠵᠡᠩᠨᠡᠯᠲᠡ ᠵᠢᠨ‌ᠥᠪᠡᠷ ᠤᠨ ᠥᠷᠲᠡᠭ
ᠨᠡᠶᠢᠲᠡᠯᠡᠭᠰᠡᠨ ᠴᠠᠭ᠄
2023/8/25
      ᠬᠥᠯᠥᠨ ᠪᠤᠶᠢᠷ ᠤᠨ ᠠᠨ ᠲᠠᠢ ᠢᠯᠴᠢ ᠶᠢᠨ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠠᠯᠠᠨ ᠠᠶᠢᠯ ᠤᠨ ᠢᠯᠴᠢ ᠶᠢᠨ ᠴᠠᠬᠢᠯᠭᠠᠨ ᠤ ᠤᠶᠢᠯᠡᠳᠪᠦᠷᠢ ᠪᠣᠯ ᠬᠥᠯᠥᠨ ᠪᠤᠶᠢᠷ ᠤᠨ ᠠᠨ ᠲᠠᠢ ᠢᠯᠴᠢ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠪᠢᠶᠠᠷᠢ ᠺᠣᠮᠫᠠᠨᠢ ᠪᠣᠯᠤᠨ᠎ᠠ᠂ 1988 ᠣᠨ ᠤ 12 ᠳ᠋ᠤᠭᠠᠷ ᠰᠠᠷ᠎ᠠ ᠶᠢᠨ 8      ᠤ ᠡᠳᠦᠷ ᠪᠠᠶᠢᠭᠤᠯᠤᠭᠳᠠᠵᠠᠶ᠂ ᠡᠵᠡᠩᠨᠡᠯᠲᠡ ᠶᠢᠨ ᠬᠠᠶ᠋ᠢᠭ᠄ ᠵᠠᠯᠠᠨ ᠠᠶᠢᠯ ᠬᠤᠲᠠ ᠶᠢᠨ ᠪᠣᠯᠣᠳ ᠲᠡᠮᠦᠷ ᠶᠡᠭᠡ ᠵᠡᠭᠡᠯᠢ ᠶᠢᠨ 1 ᠳ᠋ᠦᠭᠡᠷ ᠨᠣᠮᠧᠷ᠂ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠬᠡᠪᠴᠢᠶ᠎ᠡ ᠨᠢ᠄ ᠴᠠᠬᠢᠯᠭᠠᠨ ᠭᠠᠷᠭᠠᠬᠤ᠂ ᠢᠯᠴᠢ ᠬᠠᠩᠭᠠᠨ᠎ᠠ᠃      ᠣᠳᠣᠬᠠᠨ ᠳᠤ 2 ᠰᠠᠭᠤᠷᠢ 12MW ᠠᠭᠤᠷ ᠤᠨ ᠲᠦᠷᠪᠢᠨ ᠤ ᠪᠦᠯᠦᠭ ᠲᠠᠢ᠂ 3  ᠰᠠᠭᠤᠷᠢ 75 ᠲᠣᠨ / ᠴᠠᠭ ᠤᠨ ᠡᠷᠬᠢᠯᠳᠡᠳᠦ ᠤᠷᠤᠰᠬᠠᠭᠴᠢᠳᠤ ᠬᠦ᠋ᠤᠤᠯᠦ  ᠲᠠᠢ᠂ 1 ᠰᠠᠭᠤᠷᠢ  58MW ᠬᠠᠯᠠᠭᠤᠨ ᠤᠰᠤᠨ ᠤ  ᠵᠤᠤᠬ᠎ᠠ ᠲᠠᠢ︔ 67 ᠰᠠᠭᠤᠷᠢ ᠢᠯᠴᠢ ᠰᠣᠯᠢᠯᠴᠠᠬᠤ ᠥᠷᠲᠡᠭᠡ ︔ ᠬᠤᠭᠤᠯᠠᠶ ᠶᠢᠨ ᠲᠣᠣᠷ ᠳᠡᠪᠢᠰᠦᠭᠰᠡᠨ ᠤᠷᠳᠦ ᠶᠢᠨ ᠬᠡᠮᠵᠢᠶ᠎ᠡ ᠨᠢ 95KM ᠪᠣᠯᠤᠨ᠎ᠠ︔ ᠢᠯᠴᠢ ᠬᠠᠩᠭᠠᠬᠤ ᠲᠠᠯᠠᠪᠠᠶ ᠨᠢ 310 ᠲᠦᠮᠡᠨ ᠲᠡᠭᠰᠢ ᠳᠥᠷᠪᠡᠯᠵᠢᠨ ᠮᠧᠲᠷ᠃ ᠵᠢᠯ ᠤᠨ ᠳᠤᠯᠠᠭᠠᠯᠭ᠎ᠠ ᠶᠢᠨ ᠬᠤᠭᠤᠴᠠᠭ᠎ᠠ ᠨᠢ 7 ᠰᠠᠷ᠎ᠠ ᠪᠣᠯᠤᠨ᠎ᠠ᠃      2022 ᠣᠨ ᠤ ᠡᠴᠦᠰ ᠪᠣᠯᠲᠠᠯ᠎ᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠲᠤᠭ᠎ᠠ 263 ᠬᠥᠮᠦᠨ ᠪᠠᠶᠢᠵᠤ᠂ ᠠᠵᠤ ᠠᠬᠤᠶᠢᠯᠠᠯ ᠤᠨ ᠡᠳ᠋ ᠬᠥᠷᠥᠩᠭᠡ ᠶᠢᠨ ᠪᠥᠬᠦ ᠲᠤᠭ᠎ᠠ 50825 ᠲᠦᠮᠡᠨ ᠲᠥᠭᠦᠷᠢᠭ ᠲᠤ ᠬᠦᠷᠴᠦ᠂ ᠣᠶᠢᠷ᠎ᠠ ᠶᠢᠨ 3 ᠵᠢᠯ ᠳᠤ ᠢᠯᠴᠢ ᠬᠠᠩᠭᠠᠬᠤ ᠲᠠᠯ ᠪᠠᠷ ᠨᠡᠶᠢᠲᠡ 8963 ᠲᠦᠮᠡᠨ ᠲᠥᠭᠦᠷᠢᠭ ᠤᠨ ᠠᠯᠳᠠᠭᠳᠠᠯ ᠲᠠᠢ ᠪᠣᠯᠵᠠᠶ᠃      ᠬᠤᠶᠠᠷ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ1.ᠦᠢᠯᠡᠳᠪᠦᠷᠢᠯᠡᠯ ᠤᠨ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ       2020 ᠣᠨ ᠤ ᠵᠢᠯ ᠤᠨ ᠳᠤᠮᠳᠠᠴᠢ ᠢᠯᠴᠢ ᠬᠠᠩᠭᠠᠬᠤ ᠲᠠᠯᠠᠪᠠᠶ 296 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 169.57 ᠲᠦᠮᠡᠨ ᠵᠢᠶ ᠵᠢᠶᠤᠤ ᠢᠯᠴᠢ ᠶᠢᠨ ᠬᠡᠮᠵᠢᠶ᠎ᠡ ᠬᠤᠳᠠᠯᠳᠤᠨ᠎ᠠ᠃       2021 ᠣᠨ ᠤ ᠵᠢᠯ ᠤᠨ ᠳᠤᠮᠳᠠᠴᠢ ᠢᠯᠴᠢ ᠬᠠᠩᠭᠠᠬᠤ ᠲᠠᠯᠠᠪᠠᠶ 297 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 167.31 ᠲᠦᠮᠡᠨ ᠵᠢᠶ ᠵᠢᠶᠤᠤ ᠢᠯᠴᠢ ᠶᠢᠨ ᠬᠡᠮᠵᠢᠶ᠎ᠡ ᠬᠤᠳᠠᠯᠳᠤᠪᠠ᠃       2022 ᠣᠨ ᠤ ᠵᠢᠯ ᠤᠨ ᠳᠤᠮᠳᠠᠴᠢ ᠢᠯᠴᠢ ᠬᠠᠩᠭᠠᠬᠤ ᠲᠠᠯᠠᠪᠠᠢ 309 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 169.45 ᠲᠦᠮᠡᠨ ᠵᠢᠢ ᠵᠢᠶᠤᠤ ᠢᠯᠴᠢ ᠶᠢᠨ ᠬᠡᠮᠵᠢ᠊ ᠡᠶ᠎ᠡ ᠬᠤᠳᠠᠯᠳᠤᠪᠠ᠃2. ᠪᠡᠯᠡ ᠮᠥᠩᠭᠦ ᠶᠢᠨ ᠣᠷᠣᠭᠤᠯᠤᠯᠲᠠ ᠶᠢᠨ ᠪᠠᠶᠢᠳᠠᠯ       ᠠᠮᠤᠷ ᠲᠦᠪᠰᠢᠨ ᠴᠢᠨᠠᠷ ᠰᠠᠶᠢᠲᠠᠢ ᠳᠤᠯᠠᠭᠠᠯᠭ᠎ᠠ ᠶᠢ ᠪᠠᠲᠤᠯᠠᠬᠤ ᠪᠠ ᠳᠤᠯᠠᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠵᠠᠯᠠᠨ ᠠᠶᠢᠯ ᠤᠨ ᠢᠯᠴᠢ ᠶᠢᠨ ᠴᠠᠬᠢᠯᠭᠠᠨ ᠤ ᠦᠢᠯᠡᠳᠪᠦᠷᠢ 2020 ᠣᠨ ᠳᠤ 8000 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠤᠭᠤᠯᠠᠢ ᠶᠢᠨ ᠲᠣᠣᠷ ᠪᠣᠯᠤᠨ ᠢᠯᠴᠢ ᠶᠢᠨ ᠡᠬᠢ ᠰᠤᠷᠪᠤᠯᠵᠢ ᠶᠢ ᠲᠡᠰ ᠳᠡᠪᠰᠢᠭᠦᠯᠦᠨ ᠥᠭᠡᠷᠡᠴᠢᠯᠡᠨ᠎ᠡ᠃ 3. ᠢᠯᠴᠢ ᠬᠠᠩᠭᠠᠬᠤ ᠥᠪᠡᠷ ᠤᠨ ᠥᠷᠲᠡᠭ ᠤᠨ ᠨᠡᠮᠡᠭᠳᠡᠯ ᠤᠨ ᠭᠤᠤᠯ ᠬᠦᠴᠦᠨ  ᠵᠦᠢᠯ       ᠭᠤᠣᠯ ᠪᠣᠯᠬᠤ ᠳᠤᠯᠠᠭᠠᠯᠠᠭ᠎ᠠ ᠶᠢᠨ ᠰᠦᠢᠳᠬᠡᠯ ᠤᠨ ᠦᠨ᠎ᠡ ᠪᠠᠭ᠋ᠠᠨ ᠳᠣᠣᠷ᠎ᠠ ᠪᠠᠶᠢᠵᠤ᠂ ᠦᠢᠯᠡᠳᠪᠦᠷᠢᠯᠡᠯ ᠤᠨ ᠥᠪᠡᠷ ᠤᠨ ᠥᠷᠲᠡᠭ ᠤᠨ ᠦᠨ᠎ᠡ ᠵᠢᠯ ᠳᠠᠷᠠᠭᠠᠯᠠᠨ ᠥᠰᠦᠭᠰᠡᠨ ᠠᠴᠠ ᠦᠢᠯᠡᠳᠪᠦᠷᠢᠯᠡᠯ ᠤᠨ ᠥᠪᠡᠷ ᠤᠨ ᠥᠷᠲᠡᠭ ᠢ ᠲᠣᠩᠭᠤᠷᠤᠭᠤᠯᠤᠨ ᠡᠵᠡᠩᠨᠡᠵᠦ ᠪᠠᠶᠢᠨ᠎ᠠ᠃ ᠳᠠᠷᠠᠭᠠᠯᠠᠪᠠᠯ ᠰᠦᠯᠵᠢᠶᠡᠨ ᠳᠤ ᠵᠠᠯᠭᠠᠵᠤ ᠪᠠᠶᠢᠭ᠎ᠠ ᠲᠠᠯᠠᠪᠠᠶ ᠶᠢᠨ ᠣᠯᠠᠩᠬᠢ ᠨᠢ ᠰᠢᠨ᠎ᠡ ᠪᠠᠷ ᠨᠡᠭᠡᠭᠡᠨ ᠠᠰᠢᠭᠯᠠᠭᠠᠳ ᠬᠤᠳᠠᠯᠳᠤᠵᠤ ᠭᠠᠷᠭᠠᠭᠰᠠᠨ ᠦᠭᠡᠶ ᠠᠴᠠ ᠪᠣᠯᠵᠤ ᠳᠤᠯᠠᠭᠠᠯᠠᠭ᠎ᠠ ᠶᠢᠨ ᠰᠦᠢᠳᠬᠡᠯ ᠪᠠ ᠥᠪᠡᠷ ᠤᠨ ᠥᠷᠲᠡᠭ ᠤᠨ ᠠᠯᠳᠠᠭᠳᠠᠯ ᠢ ᠪᠤᠶ ᠪᠣᠯᠭᠠᠭᠰᠠᠨ ᠪᠠᠶᠢᠨ᠎ᠠ᠃ ᠳᠠᠬᠢᠪᠠᠯ 2018 ᠣᠨ ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠵᠠᠷᠤᠳᠠᠯ ᠢ ᠭᠠᠶᠢᠯᠢ ᠪᠣᠯᠭᠠᠨ ᠥᠭᠡᠷᠡᠴᠢᠯᠡᠭᠰᠡᠨ ᠤ ᠳᠠᠷᠠᠭ᠎ᠠ ᠠᠵᠤ ᠠᠬᠤᠶᠢᠯᠠᠯ ᠤᠨ ᠥᠪᠡᠷ ᠤᠨ ᠥᠷᠲᠡᠭ ᠢ 300 ᠭᠠᠷᠤᠶ ᠲᠦᠮᠡᠨ ᠲᠥᠭᠦᠷᠢᠭ ᠨᠡᠮᠡᠭᠳᠡᠭᠦᠯᠦᠭᠰᠡᠨ ᠠᠴᠠ ᠠᠵᠤ ᠠᠬᠤᠶᠢᠯᠠᠯ ᠤᠨ ᠠᠯᠳᠠᠭᠳᠠᠯ ᠤᠨ ᠬᠡᠮᠵᠢᠶ᠎ᠡ ᠶᠢ ᠬᠦᠨᠳᠦᠷᠡᠭᠦᠯᠬᠦ ᠪᠣᠯᠤᠨ᠎ᠠ᠃4. ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ      2020 ᠣᠨ ᠤ ᠡᠵᠡᠩᠨᠡᠯᠲᠡ ᠶᠢᠨ ᠥᠪᠡᠷ ᠤᠨ ᠥᠷᠲᠡᠭ 12511 ᠲᠦᠮᠡᠨ ᠲᠥᠭᠦᠷᠢᠭ᠂ ᠡᠭᠦᠨ ᠳᠤ ᠡᠯᠡᠭᠳᠡᠯ ᠤᠨ ᠵᠠᠷᠤᠳᠠᠯ 299 ᠲᠦᠮᠡᠨ ᠲᠥᠭᠦᠷᠢᠭ ︔ ᠭᠠᠶᠢᠯᠢ ᠶᠢᠨ ᠮᠥᠩᠭᠦ ᠵᠢᠴᠢ ᠨᠡᠮᠡᠯᠲᠡ 235 ᠲᠦᠮᠡᠨ ᠲᠥᠭᠦᠷᠢᠭ︔ ᠡᠳ᠋ ᠤᠨ ᠶᠠᠪᠤᠳᠠᠯ ᠤᠨ ᠵᠠᠷᠤᠳᠠᠯ 866 ᠲᠦᠮᠡᠨ ᠲᠥᠭᠦᠷᠢᠭ ᠵᠡᠷᠭᠡ ᠪᠣᠯᠤᠨ᠎ᠠ᠃ 2020 ᠣᠨ ᠳᠤ ᠳᠤᠮᠳᠠᠴᠢ ᠢᠯᠴᠢ ᠶᠢᠨ ᠦᠨ᠎ᠡ ᠨᠢ 4.03 ᠲᠥᠭᠦᠷᠢᠭ / ᠲᠡᠭᠰᠢ ᠳᠥᠷᠪᠡᠯᠵᠢᠨ ᠮᠧᠲᠷ · ᠰᠠᠷ᠎ᠠ ᠳᠤ ᠬᠦᠷᠴᠦ᠂ ᠨᠢᠭᠡᠴᠢ ᠢᠯᠴᠢ ᠬᠠᠩᠭᠠᠬᠤ ᠥᠪᠡᠷ ᠤᠨ ᠥᠷᠲᠡᠭ ᠨᠢ 5.92 ᠲᠥᠭᠦᠷᠢᠭ / ᠲᠡᠭᠰᠢ ᠳᠥᠷᠪᠡᠯᠵᠢᠨ ᠮᠧᠲᠷ · ᠰᠠᠷ᠎ᠠ ᠳᠤ ᠬᠦᠷᠴᠦ᠂ 2020 ᠣᠨ ᠳᠤ ᠢᠯᠴᠢ ᠬᠠᠩᠭᠠᠬᠤ ᠥᠪᠡᠷ ᠤᠨ ᠥᠷᠲᠡᠭ ᠨᠢ 1.89 ᠲᠥᠭᠦᠷᠢᠭ / ᠲᠡᠭᠰᠢ ᠳᠥᠷᠪᠡᠯᠵᠢᠨ ᠮᠧᠲᠷ · ᠰᠠᠷ᠎ᠠ ᠳᠤ ᠲᠣᠩᠭᠤᠷᠠᠨ᠎ᠠ᠃      2021 ᠣᠨ ᠤ ᠡᠵᠡᠩᠨᠡᠯᠲᠡ ᠶᠢᠨ ᠥᠪᠡᠷ ᠤᠨ ᠥᠷᠲᠡᠭ 14238 ᠲᠦᠮᠡᠨ ᠲᠥᠭᠦᠷᠢᠭ ᠲᠤ ᠬᠦᠷᠴᠦ᠂ ᠡᠭᠦᠨ ᠳᠤ ᠡᠯᠡᠭᠳᠡᠯ ᠤᠨ ᠵᠠᠷᠤᠳᠠᠯ 586 ᠲᠦᠮᠡᠨ ᠲᠥᠭᠦᠷᠢᠭ ᠲᠤ ᠬᠦᠷᠴᠡᠶ︔ ᠭᠠᠶᠢᠯᠢ ᠶᠢᠨ ᠮᠥᠩᠭᠦ ᠵᠢᠴᠢ ᠨᠡᠮᠡᠯᠲᠡ ᠮᠥᠩᠭᠦ 240 ᠲᠦᠮᠡᠨ ᠲᠥᠭᠦᠷᠢᠭ︔ ᠡᠳ᠋ ᠤᠨ ᠶᠠᠪᠤᠳᠠᠯ ᠤᠨ ᠵᠠᠷᠤᠳᠠᠯ 1116 ᠲᠦᠮᠡᠨ ᠲᠥᠭᠦᠷᠢᠭ ᠵᠡᠷᠭᠡ ᠪᠣᠯᠤᠨ᠎ᠠ᠃ 2021 ᠣᠨ ᠤ ᠳᠤᠮᠳᠠᠴᠢ ᠢᠯᠴᠢ ᠶᠢᠨ ᠦᠨ᠎ᠡ ᠨᠢ 4.07 ᠲᠥᠭᠦᠷᠢᠭ / ᠲᠡᠭᠰᠢ ᠳᠥᠷᠪᠡᠯᠵᠢᠨ ᠮᠧᠲᠷ · ᠰᠠᠷ᠎ᠠ᠂ ᠨᠢᠭᠡᠴᠢ ᠢᠯᠴᠢ ᠬᠠᠩᠭᠠᠬᠤ ᠥᠪᠡᠷ ᠤᠨ ᠥᠷᠲᠡᠭ ᠨᠢ 6.80 ᠲᠥᠭᠦᠷᠢᠭ / ᠲᠡᠭᠰᠢ ᠳᠥᠷᠪᠡᠯᠵᠢᠨ ᠮᠧᠲᠷ · ᠰᠠᠷ᠎ᠠ᠂ 2021 ᠣᠨ ᠤ ᠢᠯᠴᠢ ᠬᠠᠩᠭᠠᠬᠤ ᠥᠪᠡᠷ ᠤᠨ ᠥᠷᠲᠡᠭ ᠨᠢ 2.73 ᠲᠥᠭᠦᠷᠢᠭ / ᠲᠡᠭᠰᠢ ᠳᠥᠷᠪᠡᠯᠵᠢᠨ ᠮᠧᠲᠷ · ᠰᠠᠷ᠎ᠠ ᠪᠣᠯᠤᠨ᠎ᠠ᠃      2022 ᠣᠨ ᠤ ᠡᠵᠡᠩᠨᠡᠯᠲᠡ ᠶᠢᠨ ᠥᠪᠡᠷ ᠤᠨ ᠥᠷᠲᠡᠭ 15666 ᠲᠦᠮᠡᠨ ᠲᠥᠭᠦᠷᠢᠭ ᠲᠤ ᠬᠦᠷᠴᠦ᠂ ᠡᠭᠦᠨ ᠳᠤ ᠡᠯᠡᠭᠳᠡᠯ ᠤᠨ ᠵᠠᠷᠤᠳᠠᠯ 681 ᠲᠦᠮᠡᠨ ᠲᠥᠭᠦᠷᠢᠭ ᠲᠤ ᠬᠦᠷᠴᠡᠶ︔ ᠭᠠᠶᠢᠯᠢ ᠶᠢᠨ ᠮᠥᠩᠭᠦ ᠵᠢᠴᠢ ᠨᠡᠮᠡᠯᠲᠡ 274 ᠲᠦᠮᠡᠨ ᠲᠥᠭᠦᠷᠢᠭ︔ ᠡᠳ᠋ ᠤᠨ ᠶᠠᠪᠤᠳᠠᠯ ᠤᠨ ᠵᠠᠷᠤᠳᠠᠯ 1216 ᠲᠦᠮᠡᠨ ᠲᠥᠭᠦᠷᠢᠭ ᠵᠡᠷᠭᠡ᠃ 2022 ᠣᠨ ᠤ ᠳᠤᠮᠳᠠᠴᠢ ᠢᠯᠴᠢ ᠶᠢᠨ ᠦᠨ᠎ᠡ ᠨᠢ 3.98 ᠲᠥᠭᠦᠷᠢᠭ / ᠲᠡᠭᠰᠢ ᠳᠥᠷᠪᠡᠯᠵᠢᠨ ᠮᠧᠲᠷ · ᠰᠠᠷ᠎ᠠ᠂ ᠨᠢᠭᠡᠴᠢ ᠢᠯᠴᠢ ᠬᠠᠩᠭᠠᠬᠤ ᠥᠪᠡᠷ ᠤᠨ ᠥᠷᠲᠡᠭ ᠨᠢ 7.24 ᠲᠥᠭᠦᠷᠢᠭ / ᠲᠡᠭᠰᠢ ᠳᠥᠷᠪᠡᠯᠵᠢᠨ ᠮᠧᠲᠷ · ᠰᠠᠷ᠎ᠠ᠂ 2022 ᠣᠨ ᠤ ᠢᠯᠴᠢ ᠬᠠᠩᠭᠠᠬᠤ ᠥᠪᠡᠷ ᠤᠨ ᠥᠷᠲᠡᠭ ᠨᠢ 3.26 ᠲᠥᠭᠦᠷᠢᠭ / ᠲᠡᠭᠰᠢ ᠳᠥᠷᠪᠡᠯᠵᠢᠨ ᠮᠧᠲᠷ · ᠰᠠᠷ᠎ᠠ ᠳᠤ ᠲᠣᠩᠭᠤᠷᠤᠤ ᠡᠯᠭᠦᠭᠳᠡᠨ᠎ᠡ᠃                           ᠯᠠᠪᠯᠠᠬᠤ ᠤᠲᠠᠰᠤ᠄ 3263737                           ᠢᠮᠧᠯ᠄ 3263737@163.com                           ᠬᠠᠷᠢᠯᠴᠠᠬᠤ ᠬᠥᠮᠦᠨ᠄ ᠢᠦᠶ ᠶᠤᠸᠠᠢ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ