ᠦᠨᠡᠨ ᠰᠡᠳᠬᠢᠯ ᠠᠴᠠ ᠪᠠᠨ ᠪᠦᠯᠬᠦᠮᠳᠡᠵᠦ ᠬᠦᠰᠡᠯ ᠵᠡᠭᠦᠳᠦ ᠪᠠᠨ ᠬᠠᠮᠲᠤᠪᠠᠷ ᠲᠡᠷᠭᠡᠯᠰᠢᠭᠦᠯᠦᠨ᠎ᠡ — ᠵᠠᠯᠠᠨ ᠠᠶᠢᠯ ᠬᠤᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠳᠤᠭᠤᠶᠢᠯᠠᠩ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/8/30
      ᠮᠥᠰᠥ ᠴᠠᠰᠤ ᠬᠠᠶᠢᠯᠵᠤ᠂ ᠮᠢᠩᠭᠠᠨ ᠴᠢᠩ ᠨᠣᠮᠢᠨ ᠳᠣᠯᠭᠢᠶᠠᠨ ᠪᠣᠯᠪᠠ︔ ᠤᠷᠠᠨ ᠪᠢᠴᠢᠯᠭᠡ ᠶᠢᠨ ᠳᠠᠭᠤᠨ ᠢᠷᠠᠭᠤ ᠰᠠᠶᠢᠬᠠᠨ ᠢᠷᠡᠭᠡᠳᠦᠶ ᠶᠢ ᠴᠣᠭᠴᠠᠯᠠᠨ᠎ᠠ᠃ 2023 ᠣᠨ ᠤ 8 ᠰᠠᠷ᠎ᠠ ᠶᠢᠨ 13 ᠤ ᠦᠳᠡ ᠶᠢᠨ ᠡᠮᠦᠨ᠎ᠡ᠂ ᠵᠠᠯᠠᠨ ᠠᠶᠢᠯ ᠬᠤᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠲᠤᠰ ᠬᠤᠭᠤᠴᠠᠭᠠᠨ ᠤ ᠡᠯ᠎ᠡ ᠲᠦᠷᠦᠯ ᠤᠨ ᠠᠵᠢᠯ ᠢ ᠪᠦᠲᠦᠮᠵᠢᠲᠡᠢ ᠯᠠᠪᠳᠠᠭᠤᠨ ᠪᠠᠲᠤᠲᠠᠢ ᠠᠬᠢᠭᠤᠯᠬᠤ ᠪᠠᠷ ᠵᠣᠷᠢᠯᠭ᠎ᠠ ᠪᠣᠯᠭᠠᠵᠤ᠂ ᠰᠤᠷᠭᠠᠭᠤᠯᠢ ᠶᠢᠨ ᠵᠠᠬᠢᠷᠤᠯ ᠶᠠᠩ ᠶᠢᠨ ᠵᠦ᠂ ᠵᠢᠭᠠᠨ ᠰᠤᠷᠭᠠᠯᠲᠠ ᠶᠢᠨ ᠳᠡᠳ᠋ ᠵᠠᠬᠢᠷᠤᠯ ᠰᠢᠤᠢ ᠰᠢᠤᠸᠠᠢ ᠪᠥᠸᠧ ᠵᠢᠴᠢ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠪᠦᠬᠦ ᠪᠠᠭᠰᠢ ᠨᠠᠷ ᠬᠤᠷᠠᠯ ᠳᠤ ᠣᠷᠣᠯᠴᠠᠵᠤ᠂ ᠬᠢᠴᠢᠶᠡᠯ ᠬᠥᠮᠦᠵᠢᠯ ᠤᠨ ᠭᠠᠵᠠᠷ ᠤᠨ ᠳᠡᠳ᠋ ᠡᠷᠬᠢᠯᠡᠭᠴᠢ ᠶᠠᠩ ᠰᠢᠤᠸᠠᠢ ᠯᠢ ᠬᠤᠷᠠᠯ ᠢ ᠡᠷᠬᠢᠯᠡᠪᠡ᠃      ᠬᠤᠷᠠᠯ ᠳᠡᠭᠡᠷ᠎ᠡ᠂ ᠳᠡᠳ᠋ ᠡᠷᠬᠢᠯᠡᠭᠴᠢ ᠶᠠᠩ ᠰᠢᠤᠸᠠᠢ ᠯᠢ ᠪᠠᠭᠰᠢ ᠨᠠᠷ ᠲᠠᠢ ᠬᠠᠮᠲᠤ ᠪᠠᠷ ᠲᠦᠷᠦᠭᠦᠤ ᠬᠤᠭᠤᠴᠠᠭᠠᠨ ᠤ ᠬᠤᠭᠤᠴᠠᠭᠠᠨ ᠡᠴᠦᠰ ᠤᠨ ᠰᠢᠯᠭᠠᠯᠲᠠ ᠶᠢᠨ ᠬᠢᠷᠢ ᠪᠦᠲᠦᠮᠵᠢ ᠶᠢ ᠡᠷᠭᠢᠴᠡᠭᠦᠯᠦᠨ ᠵᠠᠳᠠᠯᠵᠤ᠂ ᠴᠡᠭ ᠠᠴᠠ ᠱᠤᠭᠤᠮ᠂ ᠱᠤᠭᠤᠮ ᠠᠴᠠ ᠪᠥᠬᠦ ᠲᠠᠯ᠎ᠠ ᠳᠤ ᠬᠦᠷᠲᠡᠯ᠎ᠡ ᠡᠯ᠎ᠡ ᠠᠩᠭᠢ ᠶᠢᠨ ᠳᠠᠪᠠᠭᠤᠯᠢᠭ  ᠵᠦᠢᠯ᠂ ᠪᠠᠭᠤᠷᠠᠶ ᠰᠢᠨᠵᠢᠯᠡᠭᠡᠨ ᠤ ᠰᠠᠯᠠᠭ᠎ᠠ ᠵᠢᠴᠢ ᠴᠢᠷᠮᠠᠶᠢᠬᠤ ᠴᠢᠭᠯᠡᠯ ᠢ ᠵᠠᠳᠠᠯᠤᠨ ᠰᠢᠨᠵᠢᠯᠡᠪᠡ︔ ᠳᠠᠷᠠᠭ᠎ᠠ ᠳᠤᠨᠢ ᠲᠣᠰ ᠰᠤᠷᠤᠯᠭ᠎ᠠ ᠶᠢᠨ ᠬᠤᠭᠤᠴᠠᠭᠠᠨ ᠤ ᠰᠢᠯᠭᠠᠯᠲᠠ ᠵᠢᠴᠢ ᠡᠩ ᠤᠨ ᠠᠵᠢᠯ ᠤᠨ ᠠᠩᠬᠠᠷᠬᠤ   ᠵᠦᠢᠯᠡᠰ ᠢ ᠲᠠᠨᠢᠯᠴᠠᠭᠤᠯᠬᠤ ᠶᠢᠨ ᠬᠠᠮᠲᠤ᠂ ᠨᠢᠭᠡ ᠡᠭᠡᠯᠵᠢ ᠶᠢᠨ ᠳᠠᠪᠲᠠᠯᠭ᠎ᠠ ᠶᠢᠨ ᠳᠤᠮᠳᠠ ᠣᠷᠣᠰᠢᠵᠤ ᠪᠠᠶᠢᠭ᠎ᠠ ᠪᠠᠭᠰᠢ ᠰᠤᠷᠤᠭᠴᠢᠳ ᠤᠨ ᠨᠡᠶᠢᠲᠡᠯᠢᠭ ᠴᠢᠨᠠᠷ ᠪᠠ ᠥᠪᠡᠷᠮᠢᠴᠡ ᠴᠢᠨᠠᠷ ᠤᠨ ᠠᠰᠠᠭᠤᠳᠠᠯ ᠳᠤ ᠴᠢᠭᠯᠡᠭᠦᠯᠦᠨ ᠵᠠᠳᠠᠯᠤᠯᠲᠠ ᠬᠢᠵᠦ᠂ ᠬᠤᠶᠢᠰᠢᠳᠠ ᠵᠢᠭᠠᠨ ᠰᠤᠷᠭᠠᠯᠲᠠ ᠶᠢᠨ ᠳᠤᠮᠳᠠ ᠣᠷᠣᠨ ᠪᠠᠶᠢᠷᠢ ᠪᠠᠨ ᠣᠨᠣᠪᠴᠢᠲᠠᠶ ᠲᠣᠭᠲᠠᠭᠠᠵᠤ᠂ ᠬᠢᠴᠢᠶᠡᠯ ᠢᠶᠠᠨ ᠰᠠᠶᠢᠲᠤᠷ ᠪᠡᠯᠡᠳᠬᠡᠵᠦ᠂ ᠰᠢᠯᠭᠠᠯᠲᠠ ᠶᠢ ᠴᠢᠬᠤᠯᠠᠴᠢᠯᠠᠵᠤ᠂ ᠡᠩ ᠤᠨ ᠵᠤᠷᠰᠢᠯ ᠢ ᠠᠳᠬᠤᠬᠤ ᠬᠡᠷᠡᠭᠲᠡᠶ ᠭᠡᠵᠦ ᠱᠠᠭᠠᠷᠳᠠᠪᠠ᠃          ᠵᠠᠯᠭᠠᠭᠠᠳ᠂ ᠵᠢᠭᠠᠨ ᠰᠤᠷᠭᠠᠯᠲᠠ ᠶᠢᠨ ᠳᠡᠳ᠋ ᠵᠠᠬᠢᠷᠤᠯ ᠰᠢᠤᠢ ᠰᠢᠤᠸᠠᠢ ᠪᠥᠸᠧ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠪᠠᠭᠰᠢ ᠶᠢ ᠬᠥᠮᠦᠨ ᠪᠣᠯᠭᠠᠨ ︽ᠰᠤᠳᠤᠯᠭᠠᠨ ᠤ ᠬᠡᠯᠪᠡᠷᠢ ᠶᠢᠨ ᠪᠠᠭᠰᠢ︾ ᠪᠣᠯᠬᠤ ᠪᠠᠷ ᠴᠢᠷᠮᠠᠶᠢᠬᠤ ᠬᠡᠷᠡᠭᠲᠡᠶ ᠭᠡᠵᠦ ᠵᠣᠷᠢᠭᠵᠢᠭᠤᠯᠪᠠ᠂ ᠮᠠᠨ ᠤ ᠰᠤᠷᠭᠠᠭᠤᠯᠢ ᠶᠢᠨ ᠣᠳᠣᠬᠠᠨ ᠤ ᠰᠤᠷᠤᠯᠭ᠎ᠠ ᠶᠢᠨ ᠪᠠᠶᠢᠳᠠᠯ ᠵᠢᠴᠢ ᠵᠢᠭᠠᠨ ᠰᠤᠷᠭᠠᠯᠲᠠ ᠶᠢᠨ ᠣᠷᠴᠢᠨ ᠨᠥᠬᠦᠴᠡᠯ ᠢ ᠦᠨᠳᠦᠰᠦᠯᠡᠨ ᠭᠤᠷᠪᠠᠨ ᠰᠤᠳᠤᠯᠬᠤ ᠴᠢᠭᠯᠡᠯ ᠭᠠᠷᠭᠠᠪᠠ᠄ ᠨᠢᠭᠡ ᠳᠤ᠂ ᠰᠤᠳᠤᠯᠤᠨ ᠰᠢᠯᠭᠠᠬᠤ ᠰᠡᠳᠦᠪ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠴᠤᠬᠤᠮ ᠶᠠᠭᠤ ᠰᠢᠯᠭᠠᠬᠤ᠂ ᠶᠠᠭᠠᠬᠢᠵᠤ ᠰᠢᠯᠭᠠᠬᠤ ᠶᠢ ᠰᠤᠳᠤᠯᠵᠤ᠂ ᠰᠢᠯᠭᠠᠯᠲᠠ ᠶᠢᠨ ᠰᠡᠳᠦᠪ ᠤᠨ ᠡᠰᠡᠷᠭᠦ ᠴᠢᠭᠯᠡᠯ ᠢᠶᠠᠷ ᠬᠢᠴᠢᠶᠡᠯ ᠤᠨ ᠪᠠᠷᠢᠮᠵᠢᠶ᠎ᠠ ᠶᠢ ᠰᠤᠳᠤᠯᠬᠤ ᠬᠡᠷᠡᠭᠲᠡᠶ︔ ᠬᠤᠶᠠᠷ ᠲᠤ ᠬᠢᠴᠢᠶᠡᠯ ᠤᠨ ᠲᠠᠩᠬᠢᠮ ᠢ ᠰᠤᠳᠤᠯᠵᠤ᠂ ᠮᠠᠨ ᠤ ᠰᠤᠷᠭᠠᠭᠤᠯᠢ ᠶᠢᠨ ᠰᠤᠷᠤᠭᠴᠢᠳ ᠲᠤ ᠬᠠᠷᠢᠶᠠᠯᠠᠭᠳᠠᠬᠤ ᠪᠣᠳᠠᠲᠤ ᠦᠷ᠎ᠡ ᠪᠦᠲᠦᠮᠵᠢ ᠲᠠᠢ ᠬᠢᠴᠢᠶᠡᠯ ᠤᠨ ᠲᠠᠩᠬᠢᠮ ᠢ ᠰᠤᠳᠤᠯᠵᠤ᠂ ᠰᠢᠯᠢᠵᠦ ᠰᠣᠩᠭᠤᠬᠤ ᠶᠢ ᠰᠤᠷᠴᠤ᠂ ᠠᠪᠢᠶᠠᠰ ᠲᠤᠨᠢ ᠲᠣᠬᠢᠷᠠᠭᠤᠯᠤᠨ ᠵᠢᠭᠠᠨ᠎ᠠ︔ ᠭᠤᠷᠪᠠ ᠳᠤ ᠠᠷᠭ᠎ᠠ ᠪᠤᠳᠤᠯᠭ᠎ᠠ ᠶᠢ ᠰᠤᠳᠤᠯᠬᠤ᠂ ᠶᠠᠷᠢᠵᠤ ᠪᠣᠯᠪᠠᠰᠤᠷᠠᠭᠤᠯᠬᠤ ᠶᠢ ᠤᠶᠠᠯᠳᠤᠭᠤᠯᠬᠤ᠂ ᠨᠠᠷᠢᠯᠢᠭ ᠶᠠᠷᠢᠵᠤ ᠨᠠᠷᠢᠯᠢᠭ ᠪᠣᠯᠪᠠᠰᠤᠷᠠᠭᠤᠯᠬᠤ᠂ ᠰᠢᠯᠭᠠᠯᠲᠠ ᠶᠢᠨ ᠰᠡᠳᠦᠪ ᠢ ᠲᠣᠬᠢᠷᠠᠮᠵᠢᠲᠠᠶ ᠪᠠᠶᠢᠯᠭᠠᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠵᠡᠷᠭᠡ ᠪᠣᠯᠤᠨ᠎ᠠ᠃      ᠬᠠᠮᠤᠭ ᠰᠡᠬᠦᠯ ᠳᠤᠨᠢ ᠶᠠᠩ ᠰᠤᠷᠭᠠᠭᠤᠯᠢ ᠶᠢᠨ ᠳᠠᠷᠤᠭ᠎ᠠ ᠠᠴᠠ ᠪᠠᠭᠰᠢ ᠨᠠᠷ ᠢ ᠠᠯᠤᠰ ᠤᠨ ᠵᠣᠷᠢᠯᠲᠠ ᠲᠠᠢ ᠪᠠᠶᠢᠵᠤ᠂ ᠠᠤᠭ᠎ᠠ ᠶᠡᠭᠡ ᠰᠡᠳᠬᠢᠯᠭᠡ ᠲᠠᠢ ᠪᠠᠶᠢᠬᠤ ᠬᠡᠷᠡᠭᠲᠡᠢ ᠭᠡᠵᠦ ᠵᠣᠷᠢᠭᠵᠢᠭᠤᠯᠪᠠ᠃ ᠰᠤᠷᠤᠭᠴᠢᠳ ᠢ ᠬᠠᠪᠰᠤᠷᠤᠨ ᠢᠲᠡᠭᠡᠯ ᠵᠣᠷᠢᠭ ᠢ ᠨᠢ ᠬᠥᠪᠴᠢᠯᠡᠬᠦ ᠶᠢᠨ ᠬᠠᠮᠲᠤ ᠪᠠᠰᠠ ᠬᠠᠷᠠᠯᠲᠠ ᠶᠢ ᠨᠢ ᠲᠣᠳᠣᠷᠬᠠᠶ ᠪᠣᠯᠭᠠᠬᠤ ᠬᠡᠷᠡᠭᠲᠡᠶ︔ ᠨᠡᠪᠳᠡᠷᠡᠳᠡᠯ᠎ᠠ ᠣᠶᠢᠯᠠᠭᠠᠵᠤ᠂ ᠠᠷᠭ᠎ᠠ ᠶᠢ ᠨᠢ ᠡᠵᠡᠮᠰᠢᠬᠦ ᠬᠡᠷᠡᠭᠲᠡᠶ᠃ ᠬᠠᠪᠲᠠᠭᠠᠶ ᠲᠠᠯ᠎ᠠ ᠶᠢᠨ ᠮᠡᠳᠡᠯᠭᠡ ᠶᠢ ᠪᠣᠶ ᠪᠣᠯᠭᠠᠬᠤ ᠶᠢᠨ ᠬᠠᠮᠲᠤ ᠪᠠᠰᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ  ᠰᠡᠶᠢᠳᠪᠦᠷᠢᠲᠦ  ᠪᠠᠶᠢᠯᠳᠤᠭᠠᠨ ᠤ ᠡᠷᠳᠡᠨᠢ ᠲᠠᠢ ᠪᠠᠶᠢᠬᠤ ᠬᠡᠷᠡᠭᠲᠡᠶ︔ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠯᠠᠪᠳᠠᠭᠤᠨ ᠪᠠᠲᠤᠲᠠᠶ ᠪᠠᠷ ᠠᠵᠢᠯᠯᠠᠬᠤ ᠬᠡᠷᠡᠭᠲᠡᠶ᠃ ᠰᠤᠷᠤᠯᠴᠠᠬᠤ ᠪᠠᠷ ᠮᠡᠳᠡᠯᠭᠡ ᠶᠢ ᠠᠬᠢᠭᠤᠯᠬᠤ᠂ ᠮᠡᠳᠡᠬᠦᠶ ᠬᠢᠬᠦᠶ ᠶᠢ ᠨᠢᠭᠡᠳᠬᠡᠬᠦ ᠶᠢ ᠪᠠᠷᠢᠮᠲᠠᠯᠠᠨ᠎ᠠ᠃      ᠥᠨᠳᠥᠷ ᠳᠤᠮᠳᠠᠳᠤ ᠶᠢᠨ ᠭᠤᠷᠪᠠᠳᠤᠭᠠᠷ ᠣᠨ ᠪᠣᠯ ᠶᠡᠷᠦ ᠠᠴᠠ ᠭᠠᠭᠴᠠ ᠬᠥᠮᠦᠨ ᠤ ᠵᠠᠮ ᠪᠢᠰᠢ᠂ ᠳᠡᠭᠡᠳᠦ ᠰᠤᠷᠭᠠᠭᠤᠯᠢ ᠶᠢᠨ ᠰᠢᠯᠭᠠᠯᠲᠠ ᠪᠣᠯ ᠶᠡᠷᠦ ᠠᠴᠠ ᠭᠠᠭᠴᠠ ᠬᠥᠮᠦᠨ ᠤ ᠳᠠᠶᠢᠯᠠᠯᠳᠤᠭᠠᠨ ᠪᠢᠰᠢ ᠶᠤᠮ᠃ ᠮᠠᠨ ᠤ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠪᠥᠬᠦ ᠪᠠᠭᠰᠢ ᠨᠠᠷ ᠪᠠᠭᠰᠢ ᠮᠥᠷᠲᠡᠭᠡᠨ ᠨᠠᠶᠢᠵᠠ ᠨᠥᠬᠦᠳ ᠤᠨ ᠬᠤᠪᠢ ᠪᠠᠷ ᠢᠮᠠᠭᠲᠠ ᠰᠤᠷᠤᠭᠴᠢᠳ ᠲᠠᠢ ᠬᠠᠮᠲᠤ ᠪᠠᠷ ᠬᠦᠰᠡᠯ ᠵᠡᠭᠦᠳᠦ ᠪᠠᠨ ᠬᠠᠮᠲᠤᠳᠬᠠᠨ᠂ ᠦᠦᠷ ᠴᠠᠢᠬᠤ ᠶᠢ ᠬᠠᠮᠲᠤ ᠪᠠᠷ ᠬᠦᠯᠢᠶᠡᠨ᠎ᠡ᠃ ᠪᠢᠳᠡ ᠦᠨᠡᠨ ᠰᠡᠳᠬᠢᠯ ᠠᠴᠠ ᠪᠠᠨ ᠪᠦᠯᠬᠦᠮᠳᠡᠵᠦ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠭᠡᠷᠡᠯ ᠰᠠᠴᠤᠷᠠᠩᠭᠤᠶ ᠦᠢᠯᠡᠰ ᠢ ᠬᠠᠮᠲᠤ ᠪᠠᠷ ᠴᠣᠭᠴᠠᠯᠠᠨ᠎ᠠ︕ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ