ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠬᠤ ᠶᠢ ᠠᠬᠢᠭᠤᠯᠵᠤ᠂ ᠳᠤᠮᠳᠠᠳᠤ ᠶᠢᠨ | ᠦᠨᠳᠦᠰᠦᠲᠡᠨ ᠤ ᠨᠠᠰᠤᠲᠠᠨ ᠢᠶᠠᠨ ᠠᠰᠠᠷᠠᠬᠤ᠂ ᠨᠠᠰᠤᠲᠠᠨ ᠢᠶᠠᠨ ᠠᠴᠢᠯᠠᠬᠤ᠂ ᠨᠠᠰᠤᠲᠠᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ | ᠨᠣᠮ ᠤᠨ ᠰᠠᠩ ᠤᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠤᠳᠤ ᠦᠶ᠎ᠡ ᠶᠢᠨ ᠤᠯᠠᠨ ᠨᠡᠶᠢᠲᠡ ᠶᠢᠨ ᠨᠣᠮ ᠤᠨ ᠰᠠᠩ ᠤᠨ | ᠨᠡᠶᠢᠲᠡ ᠶᠢᠨ ᠠᠰᠠᠷᠠᠮᠵᠢ᠂ ᠪᠠᠭᠲᠠᠭᠠᠮᠵᠢᠲᠠᠢ ᠦᠢᠯᠡᠴᠢᠯᠡᠭᠡᠨ ᠤ ᠣᠶᠢᠯᠠᠭᠠᠭᠳᠠᠬᠤᠨ ᠢ ᠳᠠᠮᠵᠢᠭᠤᠯᠬᠤ ᠶᠢᠨ ᠲᠥᠯᠥᠭᠡ ᠂2023 ᠣᠨ ᠤ 8 ᠰᠠᠷ᠎ᠠ ᠶᠢᠨ 25 | ᠤ ᠡᠳᠦᠷ ᠤᠨ ᠦᠳᠡ ᠶᠢᠨ ᠬᠤᠶᠢᠨ᠎ᠠ᠂ ᠵᠠᠯᠠᠨ ᠠᠶᠢᠯ ᠬᠤᠲᠠ ᠶᠢᠨ ᠨᠣᠮ ᠤᠨ ᠰᠠᠩ ᠤᠨ ᠠᠵᠢᠯᠲᠠᠳ ᠨᠠᠮ ᠪᠠ ᠣᠯᠠᠨ ᠲᠦᠮᠡᠨ ᠤ ᠦᠢᠯᠡᠴᠢᠯᠡᠭᠡᠨ ᠢ ᠠᠰᠢᠭᠯᠠᠨ | ᠠᠬᠠᠮᠠᠳ ᠤᠩᠰᠢᠭᠴᠢᠳ ᠲᠤ ︽ᠨᠦᠬᠡᠨ ᠵᠠᠮ ᠤᠨ ᠪᠠᠶᠢᠯᠳᠤᠭᠠᠨ︾ ᠭᠡᠬᠦ ᠬᠤᠪᠢᠰᠬᠠᠯᠲᠤ ᠺᠢᠨᠣ᠋ ᠲᠠᠯᠪᠢᠵᠤ ᠥᠭᠪᠡ᠃ ᠲᠣᠳᠣ ᠰᠠᠶᠢᠬᠠᠨ ᠵᠢᠷᠤᠭ ᠳᠦᠷᠰᠦ ᠪᠠ | ᠴᠢᠬᠢᠨ ᠳᠤ ᠠᠶᠠᠲᠠᠶ ᠪᠡᠶᠡᠲᠦ ᠬᠦᠡᠭᠬᠢᠨᠡᠬᠦᠷ ᠨᠢ ᠠᠬᠠᠮᠠᠳ ᠤᠩᠰᠢᠭᠴᠢᠳ ᠢ ᠺᠢᠨᠣ᠋ ᠰᠣᠨᠢᠷᠬᠠᠭᠤᠯᠬᠤ ᠳᠤ᠂ ᠪᠠᠶ ᠨᠠᠰᠤᠲᠠᠨ᠄ ︽ᠣᠯᠠᠨ ᠵᠢᠯ ᠺᠢᠨᠣ᠋ ᠦᠵᠡᠬᠦ ᠪᠠᠨ | ᠪᠤᠯᠢᠵᠠᠶ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠺᠢᠨᠣ᠋ ᠦᠵᠡᠬᠦ ᠨᠢ ᠪᠠᠰᠠ ᠯᠠ ᠤᠤᠯ ᠤᠨ ᠲᠣᠰᠬᠤᠨ ᠳᠠᠭᠠᠨ ᠺᠢᠨᠣ᠋ ᠦᠵᠡᠵᠦ ᠪᠠᠶᠢᠭᠰᠠᠨ | ᠪᠠᠶᠢᠳᠠᠯ ᠳᠠᠭᠠᠨ ᠪᠤᠴᠠᠵᠤ ᠢᠷᠡᠭᠰᠡᠨ ᠰᠢᠭ ᠪᠠᠶᠢᠨ᠎ᠠ︾ ᠭᠡᠵᠦ ᠬᠡᠯᠡᠭᠰᠡᠨ ᠪᠠᠶᠢᠯ᠎ᠠ᠃ | ᠡᠨᠡ ᠵᠢᠯ ᠠᠴᠠ ᠨᠠᠰᠢ᠂ ᠬᠤᠳᠠ ᠶᠢᠨ ᠨᠣᠮ ᠤᠨ ᠰᠠᠩ ᠬᠤᠪᠢᠰᠬᠠᠯ ᠤᠨ ᠰᠣᠶᠣᠯ ᠢ ᠪᠠᠳᠠᠷᠠᠭᠤᠯᠬᠤ᠂ ᠬᠤᠪᠢᠰᠬᠠᠯ ᠤᠨ ᠭᠧᠨ ᠢ ᠤᠯᠠᠮᠵᠢᠯᠠᠨ ᠵᠠᠯᠭᠠᠮᠵᠢᠯᠠᠬᠤ | ᠡᠮᠦᠨ᠎ᠡ ᠵᠠᠬ᠎ᠠ ᠶᠢᠨ ᠵᠢᠭᠰᠠᠭᠠᠯ ᠤᠨ ᠭᠠᠵᠠᠷ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠤᠯᠠᠨ ᠡᠰᠢᠴᠢᠯᠡᠭᠰᠡᠨ | ᠬᠤᠪᠢᠰᠬᠠᠯ ᠤᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠤᠩᠰᠢᠭᠴᠢᠳ ᠤᠨ ᠤᠩᠰᠢᠯᠭ᠎ᠠ ᠶᠢᠨ ᠬᠡᠷᠡᠭᠴᠡᠭᠡ ᠶᠢ ᠴᠢᠨᠠᠭᠰᠢᠳᠠ ᠬᠠᠩᠭᠠᠵᠤ᠂ ᠥᠷᠭᠡᠨ | ᠤᠯᠠᠨ ᠤᠩᠰᠢᠭᠴᠢᠳ ᠲᠤ ᠨᠠᠮ ᠤᠨ ᠲᠡᠦᠬᠡ ᠶᠢ ᠣᠶᠢᠯᠠᠭᠠᠭᠤᠯᠵᠤ᠂ ᠬᠤᠪᠢᠰᠬᠠᠯ ᠤᠨ ᠲᠡᠦᠬᠡ ᠶᠢ ᠳᠤᠷᠠᠰᠬᠠᠵᠤ᠂ ᠭᠠᠶᠢᠬᠠᠮᠰᠢᠭᠲᠤ ᠣᠨ ᠰᠠᠷ᠎ᠠ ᠶᠢ ᠡᠷᠭᠢᠴᠡᠭᠦᠯᠵᠦ᠂ | ᠬᠤᠪᠢᠰᠬᠠᠯ ᠤᠨ ᠭᠧᠨ ᠢ ᠤᠯᠠᠮᠵᠢᠯᠠᠨ ᠵᠠᠯᠭᠠᠮᠵᠢᠯᠠᠭᠤᠯᠪᠠ᠃ | ᠨᠠᠮ ᠤᠯᠠᠨ ᠲᠦᠮᠡᠨ ᠤ ᠲᠥᠪ ᠲᠠᠢ ᠬᠤᠯᠪᠣᠭᠠᠯᠠᠨ ᠤᠩᠰᠢᠭᠴᠢᠳ ᠲᠤ ᠬᠤᠪᠢᠰᠬᠠᠯᠲᠤ ᠺᠢᠨᠣ᠋ ᠲᠠᠯᠪᠢᠵᠤ ᠥᠭᠬᠦ ᠪᠣᠯ ᠬᠤᠳᠠ ᠶᠢᠨ ᠨᠣᠮ ᠤᠨ ᠰᠠᠩ ᠤᠨ | ᠤᠯᠠᠨ ᠲᠦᠮᠡᠨ ᠤ ᠲᠣᠭᠤᠷᠢᠨ ᠦᠵᠡᠬᠦ ᠬᠡᠷᠡᠭᠴᠡᠭᠡ ᠶᠢ ᠬᠠᠩᠭᠠᠵᠤ᠂ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ ᠪᠠᠶᠢᠭᠤᠯᠤᠭᠰᠠᠨ | ᠰᠣᠶᠣᠯ ᠤᠨ ᠠᠵᠢᠯᠯᠠᠭ᠎ᠠ ᠪᠣᠯᠤᠨ᠎ᠠ᠃ ᠨᠠᠮ ᠪᠠ ᠣᠯᠠᠨ ᠲᠦᠮᠡᠨ ᠤ ᠲᠥᠪ ᠲᠤ ᠬᠦᠷᠴᠦ ᠬᠤᠪᠢᠰᠬᠠᠯᠲᠤ ᠺᠢᠨᠣ᠋ ᠶᠢᠨ ᠠᠵᠢᠯᠯᠠᠭ᠎ᠠᠶᠢ ᠨᠡᠪᠲᠡᠷᠡᠭᠦᠯᠬᠦ ᠨᠢ ᠲᠣᠭᠠᠴᠢᠯᠠᠭᠰᠠᠨ | ᠺᠢᠨᠣ᠋ ᠶᠢᠨ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠠᠰᠤᠲᠠᠶᠢᠴᠤᠳ ᠲᠤ ᠨᠡᠶᠢᠲᠡ ᠶᠢᠨ ᠠᠰᠠᠷᠠᠮᠵᠢ ᠶᠢᠨ ᠲᠣᠭᠠᠴᠢᠯᠠᠭᠰᠠᠨ ᠺᠢᠨᠣ᠋ ᠶᠢᠨ | ᠠᠪᠴᠢᠷᠠᠭᠰᠠᠨ ᠰᠣᠶᠣᠯ ᠤᠨ ᠲᠠᠩᠰᠤᠭ ᠬᠤᠭᠤᠯᠠ ᠶᠢ ᠭᠦᠢᠴᠡᠳ ᠡᠳ᠋ᠯᠡᠭᠦᠯᠵᠦ᠂ ᠲᠡᠳᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠲᠡᠳᠡᠨ ᠳᠤ ᠬᠠᠶᠢᠷ᠎ᠠ | ᠬᠠᠯᠠᠮᠵᠢ ᠶᠢ ᠡᠳ᠋ᠯᠡᠭᠦᠯᠬᠦ ᠪᠣᠯᠤᠨ᠎ᠠ᠃ ᠵᠠᠯᠠᠨ ᠠᠶᠢᠯ ᠬᠤᠲᠠ ᠶᠢᠨ ᠨᠣᠮ ᠤᠨ ᠰᠠᠩ ᠨᠠᠮ ᠪᠠ ᠣᠯᠠᠨ ᠲᠦᠮᠡᠨ ᠤ ᠲᠥᠪ ᠲᠤ ᠬᠦᠷᠴᠦ ᠠᠵᠢᠯᠯᠠᠭ᠎ᠠ ᠥᠷᠨᠢᠭᠦᠯᠬᠦ ᠨᠢ | ᠨᠡᠶᠢᠭᠡᠮ ᠤᠨ ᠢᠳᠡᠪᠬᠢ ᠬᠦᠴᠦᠨ ᠢ ᠳᠠᠮᠵᠢᠭᠤᠯᠬᠤ᠂ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠬᠤ ᠵᠡᠷᠭᠡ ᠲᠠᠯ᠎ᠠ ᠳᠤ ᠴᠥᠮ ᠢᠳᠡᠪᠬᠢᠲᠡᠶ | ᠦᠢᠯᠡᠳᠦᠯ ᠦᠵᠡᠭᠦᠯᠵᠦ᠂ ᠥᠷᠭᠡᠨ ᠣᠯᠠᠨ ᠬᠤᠲᠠ ᠶᠢᠨ ᠠᠷᠠᠳ ᠢ ᠵᠣᠷᠢᠭᠵᠢᠭᠤᠯᠤᠨ ᠪᠠᠭᠤᠷᠠᠶ ᠬᠠᠮᠲᠤᠯᠢᠭ ᠢ ᠬᠠᠯᠠᠮᠵᠢᠯᠠᠨ ᠬᠠᠶᠢᠷᠠᠯᠠᠬᠤ ᠨᠡᠶᠢᠭᠡᠮ ᠤᠨ | ᠬᠠᠷᠢᠭᠤᠴᠠᠯᠭ᠎ᠠ ᠶᠢ ᠦᠢᠯᠡᠳᠦᠯᠭᠡᠵᠢᠭᠦᠯᠭ᠊ ᠳᠤ ᠲᠠᠰᠤᠷᠠᠯᠲᠠ ᠥᠬᠡᠶ ᠵᠣᠷᠢᠭᠵᠢᠭᠤᠯᠤᠯ ᠪᠣᠯᠤᠭᠰᠠᠨ ᠪᠠᠶᠢᠨ᠎ᠠ᠃ | ᠺᠢᠨᠣ᠋ ᠳᠠᠭᠤᠰᠤᠭᠰᠠᠨ ᠤ ᠲᠠᠷᠠᠭ᠎ᠠ᠂ ᠤᠯᠠᠨ ᠢᠶᠠᠷ ᠢᠶᠠᠨ ᠥᠩᠭᠡᠷᠡᠭᠰᠡᠨ ᠤ ᠭᠠᠰᠠᠯᠠᠩ ᠵᠣᠪᠠᠯᠠᠩ ᠨᠢ ᠪᠢᠳᠡᠨ ᠤ ᠥᠨᠥᠳᠦᠷ ᠤᠨ ᠵᠣᠯ ᠵᠢᠷᠭᠠᠯᠲᠤ | ᠠᠮᠢᠳᠤᠷᠠᠯ ᠲᠠᠢ ᠢᠯᠡ ᠲᠣᠳᠣ ᠬᠠᠷᠢᠴᠠᠭᠤᠯᠤᠯ ᠪᠣᠯᠪᠠ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠢᠶᠠᠷ ᠳᠠᠭᠤᠷᠢᠶᠠᠯ ᠪᠣᠯᠭᠠᠵᠤ᠂ ᠬᠤᠪᠢᠰᠬᠠᠯ ᠤᠨ ᠦᠷᠡᠭᠳᠡᠭᠰᠡᠨ | ᠪᠠᠭᠠᠲᠤᠷᠴᠤᠳ ᠤᠨ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠲᠡᠦᠬᠡ ᠶᠢ ᠪᠠᠲᠤ ᠴᠡᠭᠡᠵᠢᠯᠡᠵᠦ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠵᠤ᠂ | ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠵᠦ᠂ ᠤᠭ ᠰᠠᠨᠠᠭ᠎ᠠ ᠪᠠᠨ ᠦᠯᠦ ᠮᠠᠷᠲᠠᠬᠤ ᠬᠡᠷᠡᠭᠲᠡᠢ ᠭᠡᠵᠦ ᠢᠯᠡᠳᠬᠡᠵᠡᠭᠡᠪᠡ᠃ | ᠵᠠᠯᠠᠨ ᠠᠶᠢᠯ ᠬᠤᠳᠠ ᠶᠢᠨ ᠨᠣᠮ ᠤᠨ ᠰᠠᠩ ᠤᠨ ︽ᠬᠤᠪᠢᠰᠬᠠᠯᠲᠤ ᠺᠢᠨᠣ᠋ ᠶᠢᠨ ᠨᠡᠪᠲᠡᠷᠡᠭᠦᠯᠭᠡ︾ ᠶᠢᠨ ᠠᠵᠢᠯᠯᠠᠭ᠎ᠠ ᠨᠢ ᠭᠡᠷᠡᠯ ᠵᠢᠷᠤᠭ ᠤᠨ ᠤᠷᠠᠯᠢᠭ ᠢᠶᠠᠷ | ᠭᠤᠣᠯ ᠬᠦᠭ ᠠᠶᠠᠰ ᠢ ᠬᠠᠩᠭᠢᠨᠠᠭᠤᠯᠵᠤ᠂ ᠢᠳᠡᠪᠬᠢ ᠬᠦᠴᠦᠨ ᠢ ᠪᠠᠳᠠᠷᠠᠭᠤᠯᠵᠤ᠂ ᠤᠯᠠᠨ ᠢ ᠳᠠᠭᠠᠭᠤᠯᠤᠨ ᠬᠤᠪᠢᠰᠬᠠᠯ ᠤᠨ ᠰᠣᠩᠭᠤᠳᠠᠭ ᠳᠤᠷᠠᠰᠤᠮᠵᠢ ᠶᠢ | ᠡᠷᠭᠢᠴᠡᠭᠦᠯᠵᠦ᠂ ᠠᠷᠠᠳ ᠤᠯᠠᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠳᠠᠰᠤᠷᠠᠯᠳᠠ ᠦᠬᠡᠢ ᠪᠠᠶᠠᠯᠢᠭᠵᠢᠭᠤᠯᠵᠤ᠂ ᠪᠦᠯᠬᠦᠮᠳᠡᠨ ᠳᠠᠪᠰᠢᠬᠤ ᠬᠦᠴᠦᠷᠬᠡᠭ | ᠶᠡᠭᠡ ᠤᠶᠤᠨ ᠰᠠᠨᠠᠭᠠᠨ ᠤ ᠬᠦᠴᠦᠨ ᠢ ᠨᠢᠭᠲᠠᠷᠠᠭᠤᠯᠵᠤ᠂ ᠤᠯᠤᠰ ᠢᠶᠠᠨ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ | |