ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ  ᠠᠴᠠ︽ᠪᠠᠶᠠᠷ ᠪᠠᠶᠠᠰᠤᠯ ᠢ ᠬᠦᠷᠭᠡᠬᠦ    ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/30
      ᠰᠢ ᠶᠢᠨ ᠫᠢᠩ ᠵᠢᠨ‌‍ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ  ᠵᠢᠨ‌ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ  ᠨᠠᠶᠢᠳᠠᠪᠣᠷᠢᠵᠢᠭᠤᠯᠬᠤ ᠶᠢᠨ ᠲᠦᠯᠦᠭᠡ᠂ 8 ᠰᠠᠷ᠎ᠠ ᠶᠢᠨ 25      ᠤ ᠡᠳᠦᠷ᠂ ᠵᠠᠯᠠᠨ ᠠᠶᠢᠯ ᠬᠤᠳᠠ ᠶᠢᠨ ᠤᠯᠠᠭᠠᠨᠮᠥ᠋ᠴᠢᠷ  ᠠᠴᠠ  ᠳ᠋ᠠ ᠾᠧ ᠸᠠᠨ ᠪᠠᠯᠭᠠᠰᠤ ᠶᠢᠨ ᠳ᠋ᠠ ᠱᠦᠢ ᠴᠢᠤᠸᠠᠨ ᠲᠣᠰᠬᠤᠨ ᠪᠣᠯᠤᠨ ᠳ᠋ᠠ ᠾᠧ ᠸᠠᠨ ᠲᠣᠰᠬᠤᠨ ᠳᠤ ᠬᠦᠷᠴᠦ᠂ ︽ᠪᠠᠶᠠᠷ ᠪᠠᠶᠠᠰᠤᠯ ᠢ ᠬᠦᠷᠭᠡᠬᠦ    ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ᠃      ᠠᠩᠭᠢ ᠶᠢᠨ ᠭᠡᠰᠢᠭᠦᠳ ᠴᠤᠭ ᠵᠢᠪᠬᠤᠭ᠎ᠠ ᠲᠡᠭᠦᠯᠳᠡᠷ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ  ᠪᠢᠯᠬᠠᠮ᠎ᠠ᠂ ᠲᠣᠭᠯᠠᠯᠲᠠ ᠨᠢ ᠳᠠᠭᠤᠤ ᠶᠢᠨ ᠬᠠᠨᠢ ᠪᠥᠵᠢᠭ ︽ᠶᠡᠭᠡ ᠰᠠᠶᠢᠨ ᠬᠤᠪᠢ ᠬᠥᠮᠦᠨ︾ ᠤ ᠳᠤᠮᠳᠠ ᠬᠥᠰᠢᠭᠡ ᠪᠠᠨ ᠰᠡᠬᠦᠵᠦ᠂  ᠲᠠᠷᠠᠭᠠᠨ ᠳᠤ  ᠨᠢ ︽ᠠᠵᠠ ᠬᠡᠶᠢᠮᠣᠷᠢ ᠪᠦᠭᠦᠳᠡᠭᠡᠷ ᠢᠶᠠᠨ ᠢᠷᠡᠯ᠎ᠡ︾ ︽ᠲᠠᠨ ᠤ ᠬᠠᠷᠢᠵᠤ ᠢᠷᠡᠬᠦ ᠶᠢ ᠬᠦᠯᠢᠶᠡᠶ᠎ᠡ︾ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠶ᠎ᠠ︾ ︽ᠠᠶᠠᠯᠠᠯ ᠵᠠᠮᠴᠢᠯᠠᠶ᠎ᠠ︾ ᠭᠡᠬᠦ ᠳᠠᠭᠤᠤ ᠶᠢ ᠲᠣᠭᠯᠠᠪᠠ᠃ ᠱᠤᠭ ᠵᠦᠴᠦᠭᠡ ︽ᠦᠨᠡᠨ ᠬᠤᠳᠠᠯ ᠬᠥᠪᠡᠭᠦᠳ ᠥᠬᠢᠳ︾᠂ ᠡᠷᠡᠭᠲᠡᠶ ᠶᠢᠨ ᠨᠠᠶᠢᠷᠠᠯ ᠳᠠᠭᠤᠤ ︽ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠣᠶ︾᠂ ᠬᠥᠭᠵᠢᠮ ᠤᠨ ᠠᠶ᠎ᠠ ︽  ᠮᠣᠷᠢᠨ ᠲᠠᠰᠢᠭᠤᠷ ᠡᠷᠭᠦᠨ ᠠᠮᠤ ᠬᠦᠨᠡᠰᠦ ᠪᠠᠨ ᠵᠥᠭᠡᠭᠡᠬᠦ ᠪᠠᠷ ᠶᠠᠭᠠᠷᠠᠯᠳᠤᠨ᠎ᠠ︾᠂ ︽ᠳᠠᠭᠤᠷ ᠬᠡᠤᠬᠡᠨ︾᠂ ︽ᠠᠵᠢᠨᠠᠶ ᠰᠠᠯᠬᠢ ᠰᠡᠭᠦᠳᠡᠷ ᠬᠥᠭᠡᠭᠡᠴᠡᠯᠳᠦᠭᠰᠡᠨ ᠨᠢ︾᠂ ︽ᠬᠥᠬᠡᠮᠳᠦᠭ ᠠᠭᠤᠯᠠ ᠬᠥᠬᠡᠮᠳᠦᠭ ᠤᠰᠤ︾ ᠵᠡᠷᠭᠡ 16 ᠰᠣᠳᠣᠨ ᠤᠷᠠᠨ ᠰᠠᠶᠢᠬᠠᠨ ᠤ ᠲᠣᠭᠯᠠᠯᠲᠠ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ ᠪᠥᠵᠢᠭ᠂ ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ ᠱᠤᠭ ᠵᠦᠴᠦᠭᠡ᠂ ᠢᠷᠠᠭᠤ ᠰᠠᠶᠢᠬᠠᠨ ᠬᠥᠭᠵᠢᠮ ᠤᠨ ᠠᠶ᠎ᠠ ᠶᠢᠨ ᠨᠠᠶᠢᠷᠠᠯ ᠬᠥᠭᠵᠢᠮ᠂ ᠦᠵᠡᠭᠴᠢᠳ ᠬᠠᠯᠠᠭᠤᠨ ᠰᠡᠳᠬᠢᠯ ᠢᠶᠠᠷ ᠬᠠᠷᠢᠯᠴᠠᠨ ᠬᠥᠳᠡᠯᠦᠯᠴᠡᠵᠦ᠂ ᠠᠯᠠᠭ᠎ᠠ ᠲᠠᠰᠢᠯᠲᠠ ᠶᠢᠨ ᠲᠠᠭᠤᠨ ᠨᠢᠵᠢᠭᠢᠨᠡᠲᠡᠯ᠎ᠡ ᠳᠠᠭᠤᠷᠢᠰᠤᠨ᠎ᠠ᠃        ᠲᠤᠰ ᠤᠳᠠᠭᠠᠨ ᠤ ᠠᠵᠢᠯᠯᠠᠭ᠎ᠠ ᠨᠢ ︽ᠤᠯᠠᠭᠠᠨᠮᠥ᠋ᠴᠢᠷ +︾ ᠶᠢᠨ ᠬᠡᠯᠪᠡᠷᠢ ᠪᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠭᠤᠣᠯᠯᠠᠭᠤᠯᠤᠨ᠂ ᠳᠤᠮᠳᠠᠳᠤ ᠵᠢᠨ‌ᠦᠨᠳᠦᠰᠦᠲᠡᠨ ‍ᠤ‌ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠨ ᠂ᠬᠠᠤᠯᠢ ᠳᠦᠷᠢᠮ ᠤᠨ ᠠᠭᠤᠯᠭ᠎ᠠ ᠶᠢ  ᠣᠬᠠᠭᠤᠯᠠᠨ   ᠳᠠᠶᠢᠯᠪᠦᠷᠯᠠᠨ᠂ ᠭᠤᠣᠯ ᠰᠡᠳᠦᠪᠲᠦ ᠤᠷᠠᠨ ᠰᠠᠶᠢᠬᠠᠨ ᠤ ᠲᠣᠭᠯᠠᠯᠲᠠ ᠶᠢ ᠨᠠᠷᠢᠨ ᠨᠢᠮᠪᠠᠶ ᠵᠣᠬᠢᠶᠠᠨ ᠪᠦᠲᠦᠭᠡᠵᠦ᠂ ᠥᠪᠡᠷᠮᠢᠴᠡ ᠤᠷᠠᠨ ᠰᠠᠶᠢᠬᠠᠨ ᠲᠣᠭᠯᠠᠯᠲᠠ ᠶᠢᠨ ᠬᠡᠪ ᠨᠠᠮᠪᠠ ᠨᠢ ᠲᠤᠬᠠᠶ ᠶᠢᠨ ᠲᠠᠯᠠᠪᠤᠷ ᠤᠨ ᠦᠵᠡᠭᠴᠢᠳ ᠲᠤ ᠲᠦᠢᠯ ᠤᠨ ᠰᠠᠶᠢᠬᠠᠨ ᠦᠵᠡᠵᠦ ᠰᠣᠨᠣᠰᠬᠤ ᠦᠪᠡᠳᠡᠭᠰᠢ ᠨᠠᠶᠢᠷ ᠢ ᠠᠪᠴᠢᠷᠠᠵᠤ᠂ ᠠᠷᠠᠳ ᠤᠯᠠᠨ ᠤ ᠦᠵᠡᠵᠦ ᠰᠣᠨᠢᠷᠬᠠᠬᠤ ᠳᠤᠷᠠᠲᠠᠶ ᠲᠣᠭᠯᠠᠯᠲᠠ ᠶᠢᠨ ᠬᠡᠯᠪᠡᠷᠢ ᠪᠠᠷ ᠦᠨᠳᠦᠰᠦᠨ ᠱᠠᠲᠤᠨ ᠤ ᠤᠯᠠᠨ ᠲᠦᠮᠡᠨ ᠳᠤ ᠨᠠᠮ ᠤᠨ ᠬᠠᠶᠢᠷ᠎ᠠ ᠬᠠᠯᠠᠮᠵᠢ   ᠶᠢ ᠭᠦᠨᠵᠡᠭᠡᠶ ᠮᠡᠳᠡᠷᠡᠭᠦᠯᠵᠦ᠂ ᠠᠷᠠᠳ ᠤᠯᠠᠨ ᠤ ᠡᠷᠡᠭᠦᠯ ᠰᠠᠷᠠᠭᠤᠯ ᠥᠭᠡᠳᠡᠷᠬᠡᠭ ᠤᠶᠤᠨ ᠰᠠᠨᠠᠭᠠᠨ ᠤ ᠳᠦᠷᠰᠦ ᠪᠠᠶᠢᠳᠠᠯ ᠪᠠ ᠰᠣᠶᠣᠯ ᠤᠨ ᠠᠮᠢᠳᠤᠷᠠᠯ ᠢ ᠬᠠᠮᠲᠤ ᠪᠠᠷ ᠡᠳ᠋ᠯᠡᠬᠦ ᠪᠠᠶᠠᠷ ᠪᠠᠭ᠋ᠠᠳᠤᠯᠲᠤ ᠰᠡᠳᠬᠢᠯᠭᠡ ᠶᠢ ᠬᠠᠷᠠᠭᠤᠯᠵᠠᠶ᠃      ᠵᠠᠯᠠᠨ ᠠᠶᠢᠯ ᠬᠤᠳᠠ ᠶᠢᠨ ᠤᠯᠠᠭᠠᠨᠮᠥ᠋ᠴᠢᠷ ᠬᠦᠳᠡᠭᠡ ᠲᠣᠰᠬᠤᠨ  ᠳᠤ ᠤᠷᠳᠤ ᠬᠤᠭᠤᠴᠠᠭ᠎ᠠ ᠪᠠᠷ   ᠢᠳᠡᠪᠬᠢᠲᠡᠢ ᠠᠵᠢᠯᠯᠠᠵᠤ᠂ ︽ᠨᠢᠭᠡ ᠵᠦᠢᠯ ᠳᠤ ᠮᠡᠷᠭᠡᠰᠢᠵᠦ ᠤᠯᠠᠨ ᠵᠦᠢᠯ ᠤᠨ ᠴᠢᠳᠠᠪᠤᠷᠢ ᠲᠠᠢ ᠪᠠᠶᠢᠬᠤ︾ ᠣᠨᠴᠠᠯᠢᠭ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠦᠨᠡᠨ ᠰᠡᠳᠬᠢᠯ ᠠᠴᠠ ᠪᠠᠨ ᠦᠢᠯᠡᠴᠢᠯᠡᠵᠦ᠂ ᠲᠠᠶᠢᠰᠠᠨ ᠳᠡᠭᠡᠷᠡᠬᠢ ᠭᠤᠶᠤ ᠰᠠᠶᠢᠬᠠᠨ ᠲᠣᠭᠯᠠᠭᠴᠢ ᠪᠣᠯᠬᠤ ᠪᠠᠷ ᠪᠠᠷᠠᠬᠤ ᠦᠭᠡᠢ ᠪᠠᠰᠠ ᠲᠠᠶᠢᠰᠠᠨ ᠳᠣᠣᠷᠠᠬᠢ ᠰᠢᠷᠭᠠᠭᠤ ᠬᠠᠲᠠᠭᠤᠵᠢᠯᠲᠠᠢ ᠰᠠᠶᠢᠨ ᠳᠤᠷ᠎ᠠ ᠶᠢᠨ ᠠᠵᠢᠯᠯᠠᠭᠴᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠤᠬᠠᠭᠤᠯᠤᠭᠴᠢ ᠪᠣᠯᠬᠤ ᠪᠠᠷ ᠪᠠᠷᠠᠬᠤ ᠦᠭᠡᠢ ᠪᠠᠰᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠤᠯᠠᠮᠵᠢᠯᠠᠭᠴᠢ ᠪᠣᠯᠤᠨ᠎ᠠ᠃ ᠬᠦᠴᠦᠯᠡᠬᠦ ᠴᠡᠭ ᠢᠶᠠᠨ ᠲᠠᠰᠤᠷᠠᠯᠲᠠ ᠥᠬᠡᠶ ᠨᠡᠮᠡᠭᠳᠡᠭᠦᠯᠵᠦ᠂ ᠮᠡᠷᠭᠡᠵᠢᠯ ᠤᠨ ᠠᠷᠭ᠎ᠠ ᠪᠠᠷᠢᠯ ᠤᠨ ᠰᠢᠨ᠎ᠡ ᠶᠢ ᠡᠭᠦᠳᠴᠦ᠂  ᠦᠢᠯᠡᠴᠢᠯᠡᠭᠡᠨ ᠤ ᠡᠭᠦᠷᠭᠡ ᠴᠢᠳᠠᠪᠤᠷᠢ ᠪᠠᠨ ᠥᠷᠭᠡᠳᠬᠡᠨ᠂ ᠲᠠᠭᠤ ᠴᠡᠴᠡᠷᠡᠭᠦᠯᠬᠦ ᠂ ᠸᠢᠴᠠᠲ ᠤᠨ ᠬᠠᠷᠠᠭᠠᠨ ᠳᠠᠪᠲᠠᠮᠵᠢ ᠵᠡᠷᠭᠡ ᠰᠢᠨ᠎ᠡ ᠵᠠᠭᠤᠴᠢᠯᠠᠭᠤᠷ ᠤᠨ ᠠᠷᠭ᠎ᠠ ᠪᠠᠷᠢᠯ ᠢ ᠠᠰᠢᠭᠯᠠᠨ᠂ ᠣᠯᠠᠨ  ᠵᠦᠢᠯ ᠤᠨ ᠰᠣᠶᠣᠯ ᠤᠨ  ᠦᠢᠯᠡᠴᠢᠯᠡᠭᠡ‌‍ᠶᠢ ᠥᠷᠨᠢᠭᠦᠯᠵᠦ᠂ ᠣᠷᠣᠨ ᠨᠤᠲᠤᠭ ᠤᠨ ᠰᠣᠶᠣᠯ ᠤᠨ ᠴᠡᠴᠡᠭᠯᠡᠯ ᠬᠥᠭᠵᠢᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠬᠢᠯᠢ ᠬᠢᠵᠠᠭᠠᠷ ᠤᠨ ᠠᠮᠤᠷ ᠲᠣᠭᠲᠠᠭᠤᠨ ᠪᠠᠶᠢᠳᠠᠯ ᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠦ᠂ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠬᠤ ᠬᠡᠷᠡᠭᠲᠡᠶ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ