ᠵᠠᠯᠠᠨ ᠠᠶᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2023/8/30
       ᠵᠠᠯᠠᠨ ᠠᠶᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︵ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠡᠵᠦ ᠲᠣᠪᠴᠢᠯᠠᠨ᠎ᠠ︶ ᠪᠣᠯ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠪᠣᠯᠤᠨ᠎ᠠ᠃       ᠨᠢᠭᠡ᠂ ᠭᠤᠤᠯ ᠡᠭᠦᠷᠭᠡ ᠬᠠᠷᠢᠭᠤᠴᠠᠯᠭ᠎ᠠ      ᠵᠠᠯᠠᠨ ᠠᠶᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠵᠢᠴᠢ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠭᠠᠯ ᠢ ᠲᠤᠤᠱᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ  ᠭᠦᠢᠴᠡᠳᠭᠡᠬᠦ ᠶᠠᠪᠤᠴᠠ ᠳᠤ ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠨᠠᠮ ᠤᠨ ᠬᠠᠷᠢᠴᠠᠯᠠᠰᠢ ᠥᠬᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄       ︵ᠨᠢᠭᠡ︶ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠵᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃      ︵ᠬᠤᠶᠠᠷ︶ ᠪᠦᠬᠦ ᠬᠤᠳᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠭᠰᠡᠨ᠂ ᠤᠯᠤᠰ ᠣᠷᠣᠨ ᠤ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠪᠠᠶᠢᠳᠠᠯ ᠢ ᠡᠵᠡᠮᠰᠢᠵᠦ᠂ ᠪᠠᠶᠢᠳᠠᠯ ᠢ ᠵᠠᠳᠠᠯᠵᠤ᠂ ᠠᠷᠭᠠᠴᠠᠬᠤ ᠪᠤᠳᠤᠯᠭ᠎ᠠ ᠲᠣᠭᠲᠠᠭᠠᠨ᠎ᠠ᠃      ︵ᠭᠤᠷᠪᠠ︶ ᠪᠥᠬᠦ ᠬᠤᠲᠠ ᠶᠢᠨ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ᠂ ᠡᠷᠡᠭᠦᠤ ᠶᠢᠨ ᠬᠡᠷᠡᠭ᠂ ᠠᠵᠤ ᠠᠬᠤᠶ᠂ ᠢᠳᠡᠭᠡᠨ ᠪᠠ ᠡᠮ ᠤᠨ ᠵᠦᠢᠯ᠂ ᠠᠮᠢ ᠠᠬᠤᠶ ᠶᠢᠨ ᠣᠷᠴᠢᠨ ᠲᠣᠭᠤᠷᠢᠨ᠂ ᠠᠮᠢᠳᠤ ᠪᠣᠳᠠᠰ ᠤᠨ ᠠᠮᠤᠷ ᠲᠦᠪᠰᠢᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠬᠦᠷᠢᠶ᠎ᠡ ᠴᠠᠷᠠᠭ᠎ᠠ ᠳᠤ ᠬᠤᠤᠷ ᠬᠥᠨᠥᠭᠡᠯ ᠤᠴᠠᠷᠠᠭᠤᠯᠤᠭᠰᠠᠨ ᠶᠠᠯᠠᠲᠤ ᠬᠡᠷᠡᠭ ᠢ ᠲᠠᠩᠨᠠᠨ  ᠰᠢᠢᠳᠪᠦᠷᠢᠯᠡᠬᠦ ᠶᠢ ᠬᠠᠷᠢᠭᠤᠴᠠᠨ᠎ᠠ᠃       ︵ᠲᠦᠷᠪᠡ︶ ᠪᠦᠬᠦ ᠬᠤᠳᠠ ᠶᠢᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠳᠠ ᠶᠢᠨ ᠠᠮᠤᠷ ᠲᠦᠪᠰᠢᠨ ᠤ ᠡ᠊ᠨᠳᠡᠯ ᠪᠠ ᠬᠠᠮᠲᠤᠯᠢᠭ ᠤᠨ ᠴᠢᠨᠠᠷᠲᠠᠶ ᠬᠡᠷᠡᠭ ᠢ ᠰᠢᠢᠳᠪᠦᠷᠢᠯᠡᠵᠦ᠂ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ ᠡᠪᠳᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ  ᠰᠢᠢᠳᠪᠦᠷᠢᠯᠡᠨ᠎ᠡ᠃ ᠠᠮᠤᠷ ᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ᠂ ᠭᠠᠯ ᠰᠡᠷᠭᠡᠶᠢᠯᠡᠬᠦ ᠪᠠ ᠠᠶᠤᠯᠲᠠᠶ ᠬᠢᠮᠢ ᠶᠢᠨ ᠪᠣᠳᠠᠰ ᠵᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠥᠬᠦ ᠬᠤᠲᠠ ᠶᠢᠨ ᠡᠯ᠎ᠡ ᠨᠢᠭᠡᠴᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠦᠬᠦ ᠬᠤᠲᠠ ᠶᠢᠨ ᠡᠷᠦᠬᠡ ᠠᠮᠠ ᠶᠢᠨ ᠬᠠᠮᠢᠶᠠᠷᠤᠯᠲᠠ ᠶᠢᠨ ᠠᠵᠢᠯ  ᠢ  ᠬᠠᠷᠢᠭᠤᠴᠠᠨ᠎ᠠ᠃ ᠪᠦᠬᠦ ᠬᠤᠲᠠ ᠶᠢᠨ ᠬᠥᠮᠦᠨ ᠠᠮᠠ ᠶᠢᠨ ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠴᠢᠬᠤᠯᠠ ᠶᠡᠭᠡ ᠴᠠᠭᠳᠠᠭᠠᠨ ᠤ ᠶᠠᠪᠤᠳᠠᠯ ᠤᠨ ᠠᠵᠢᠯᠯᠠᠭ᠎ᠠ ᠶᠢ ᠪᠠᠶᠢᠷᠢᠯᠠᠭᠤᠯᠤᠨ  ᠵᠢᠯᠣᠭᠤᠳᠤᠨ᠎ᠠ᠃       ︵ᠲᠠᠪᠦ  ︶ ᠪᠦᠬᠦ ᠬᠤᠲᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ  ᠢ ᠬᠠᠷᠢᠭᠤᠴᠠᠨ᠎ᠠ᠃ ᠵᠠᠮ ᠬᠠᠷᠢᠯᠴᠠᠭᠠᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠬᠤ ᠵᠢᠴᠢ ᠮᠠᠰᠢᠨ ᠲᠡᠷᠭᠡ ︵ᠲᠷᠠᠺᠲ᠋ᠣᠷ ᠪᠠᠭᠲᠠᠬᠤ ᠥᠬᠡᠶ︶᠂ ᠵᠢᠯᠣᠭᠤᠴᠢ ᠶᠢᠨ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ  ᠥᠷᠨᠢᠬᠦᠯᠦᠨ᠎ᠡ᠃ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠶᠢᠳᠠᠯᠭ᠎ᠠ ᠪᠠᠷ᠂ ᠪᠥᠬᠦ ᠬᠤᠲᠠ ᠶᠢᠨ ᠲᠦᠷᠭᠡᠨ ᠳᠠᠪᠬᠢᠬᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠢᠶᠠᠷᠴᠤ᠂ ᠪᠥᠬᠦ ᠬᠤᠲᠠ ᠶᠢᠨ ᠲᠦᠷᠭᠡᠨ ᠳᠠᠪᠬᠢᠬᠤ ᠵᠠᠰᠠᠮᠠᠯ ᠵᠠᠮ ᠤᠨ ᠬᠠᠷᠢᠶ᠎ᠠ ᠣᠷᠣᠨ ᠤ ᠠᠮᠤᠷ ᠢ ᠬᠠᠮᠠᠭᠠᠯᠠᠬᠤ ᠵᠢᠴᠢ ᠡᠷᠡᠭᠦᠤ ᠶᠢᠨ ᠬᠡᠷᠡᠭ  ᠢ ᠬᠠᠦᠯᠢ  ᠶᠣᠰᠣᠭᠠᠷ  ᠲᠠᠩᠨᠠᠨ  ᠰᠢᠢᠳᠪᠦᠷᠢᠯᠡᠨ᠎ᠡ᠃       ︵ᠵᠢᠷᠭᠤᠭ᠎ᠠ︶ ᠪᠥᠬᠦ ᠬᠤᠲᠠ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠣᠤᠷ ᠰᠦᠯᠵᠢᠶ᠎ᠡ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠥᠷᠨᠢᠭᠦᠯᠦᠨ᠎ᠡ᠃ ᠪᠥᠬᠦ ᠬᠤᠲᠠ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠵᠡᠷᠭᠡ ᠳᠡᠰ ᠤᠨ ᠬᠠᠮᠠᠭᠠᠯᠠᠯᠲᠠ ᠶᠢᠨ ᠠᠵᠢᠯ ᠢ ᠵᠢᠯᠣᠭᠤᠳᠬᠤ ᠪᠠ ᠬᠢᠨᠠᠨ ᠪᠠᠶᠢᠴᠠᠭᠠᠵᠤ᠂ ᠲᠣᠤᠷ ᠰᠦᠯᠵᠢᠶ᠎ᠡ ᠬᠢᠭᠡᠳ ᠮᠡᠳᠡᠭᠡ ᠵᠠᠩᠭᠢ ᠶᠢᠨ ᠠᠮᠤᠷ ᠲᠦᠪᠰᠢᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠠᠷᠯᠠᠨ ᠮᠡᠳᠡᠭᠳᠡᠵᠦ ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ᠃      ︵ᠲᠤᠯᠤᠭ᠎ᠠ︶ ᠪᠦᠬᠦ ᠬᠤᠳᠠ ᠶᠢᠨ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠭᠰᠡᠨ᠂ ᠨᠡᠶᠢᠭᠡᠮ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠪᠠᠶᠢᠳᠠᠯ ᠢ ᠴᠤᠭᠯᠠᠭᠤᠯᠬᠤ ᠶᠢᠨ ᠬᠠᠮᠲᠤ ᠵᠠᠳᠠᠯᠤᠨ ᠰᠤᠳᠤᠯᠵᠤ ᠮᠠᠭᠠᠳᠯᠠᠭᠠᠳ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃      ︵ᠨᠠᠢᠮᠠ︶ ᠪᠥᠬᠦ ᠬᠤᠲᠠ ᠶᠢᠨ ᠰᠦᠷᠳᠡᠭᠦᠯᠬᠦ ᠠᠵᠢᠯᠯᠠᠭ᠎ᠠ ᠶᠢ ᠰᠡᠷᠭᠡᠶᠢᠯᠡᠬᠦ᠂ ᠲᠤᠷᠰᠢᠨ ᠪᠠᠶᠢᠴᠠᠭᠠᠬᠤ ᠪᠠ ᠴᠣᠬᠢᠯᠲᠠ ᠥᠭᠬᠦ ᠠᠵᠢᠯ ᠢ ᠬᠠᠷᠢᠭᠤᠴᠠᠨ᠎ᠠ᠃ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ  ᠰᠢᠢᠳᠪᠦᠷᠢᠯᠡᠬᠦ᠂ ᠴᠠᠭᠳᠠᠨ ᠲᠣᠭᠤᠷᠢᠵᠤ ᠵᠢᠵᠢᠭᠦᠷᠯᠡᠬᠦ ᠠᠵᠢᠯ ᠢ ᠬᠠᠷᠢᠭᠤᠴᠠᠨ᠎ᠠ᠃      ︵ᠶᠢᠰᠦ︶ ᠪᠥᠬᠦ ᠬᠤᠲᠠ ᠶᠢᠨ ᠬᠤᠤᠷ ᠴᠠᠭᠠᠵᠠᠯᠠᠬᠤ ᠠᠵᠢᠯ ᠢ ᠬᠠᠷᠢᠭᠤᠴᠠᠨ᠎ᠠ᠃       ︵ᠠᠷᠪᠠ︶ ᠨᠠᠮ ᠪᠠ ᠲᠥᠷᠥ ᠶᠢᠨ ᠤᠳᠤᠷᠢᠳᠬᠤ ᠬᠥᠮᠦᠨ᠂ ᠴᠢᠬᠤᠯᠠ ᠭᠠᠳᠠᠭᠠᠳᠤ ᠶᠢᠨ ᠵᠣᠴᠢᠨ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠶᠢᠨ ᠪᠥᠬᠦ ᠬᠤᠲᠠ ᠳᠠᠬᠢ ᠠᠵᠢᠯᠯᠠᠭ᠎ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠨᠢᠭᠡ︶ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠢᠯᠣᠭᠤᠳᠤᠨ ᠳᠣᠭᠢᠷᠠᠭᠤᠯᠬᠤ ᠰᠢᠰᠲ᠋ᠧᠮ᠂ ᠲᠣᠮᠣ ᠳ᠋ᠠᠶᠢᠲ᠋ᠠ ᠶᠢᠨ ᠮᠡᠷᠭᠡᠵᠢᠯ᠂ ᠡᠷᠡᠭᠦᠤ ᠶᠢᠨ ᠬᠡᠷᠡᠭ ᠤᠨ ᠮᠡᠷᠭᠡᠵᠢᠯ ᠤᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃      ︵ᠠᠷᠪᠠᠨ ᠬᠤᠶᠠᠷ︶ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠪᠠ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠬᠡᠷᠡᠭ ᠪᠣᠯᠭᠠᠨ ᠳᠠᠩᠰᠠᠯᠠᠬᠤ ᠶᠢ ᠬᠢᠨᠠᠨ ᠬᠠᠮᠢᠶᠠᠷᠬᠤ᠂ ᠬᠠᠤᠯᠢ ᠴᠠᠭᠠᠵᠠ ᠶᠢᠨ ᠬᠢᠨᠠᠨ ᠬᠠᠷᠭᠤᠭᠤᠯᠤᠯᠲᠠ ᠵᠢᠴᠢ ᠵᠠᠰᠠᠭ ᠵᠠᠬᠢᠷᠭᠠᠨ᠂ ᠡᠷᠡᠭᠦᠤ ᠶᠢᠨ ᠬᠡᠷᠡᠭ ᠤᠨ ᠳᠠᠬᠢᠨ ᠵᠥᠪᠯᠡᠬᠦ ᠵᠡᠷᠭᠡ ᠠᠵᠢᠯ ᠢ ᠬᠠᠷᠢᠭᠤᠴᠠᠨ᠎ᠠ᠃ ᠳᠣᠲᠣᠭᠠᠳᠤ ᠶᠢ ᠬᠠᠮᠠᠭᠠᠯᠠᠬᠤ ᠴᠠᠭᠳᠠᠭᠠᠨ ᠤ ᠶᠠᠪᠤᠳᠠᠯ ᠢ ᠰᠢᠮᠳᠠᠭᠤᠯᠤᠨ  ᠪᠠᠶᠢᠴᠠᠭᠠᠬᠤ  ᠠᠵᠢᠯ  ᠶᠢ ᠬᠠᠷᠢᠭᠤᠴᠠᠨ᠎ᠠ᠃  ᠳᠣᠲᠤᠭᠠᠳᠤ  ᠶᠢ ᠬᠠᠮᠠᠭᠠᠯᠠᠬᠤ ᠪᠠᠶᠢᠭᠤᠯᠤᠯᠭ᠎ᠠ ᠶᠢᠨ ᠳᠣᠲᠣᠭᠠᠳᠤ ᠶᠢᠨ ᠬᠢᠨᠠᠨ ᠪᠤᠳᠤᠵᠤ ᠬᠢᠨᠠᠯᠲᠠ ᠲᠠᠯᠪᠢᠬᠤ ᠪᠠ ᠤᠳᠤᠷᠢᠳᠬᠤ ᠺᠠᠲᠡᠷ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ  ᠢ  ᠬᠠᠷᠢᠭᠤᠴᠠᠨ᠎ᠠ᠃   ᠵᠠᠬᠢᠲᠠᠯ᠂ ᠰᠤᠷᠪᠤᠯᠵᠢᠯᠠᠬᠤ ᠪᠠᠷ ᠢᠷᠡᠭᠰᠡᠨ ᠬᠡᠷᠡᠭ ︵ᠬᠡᠷᠡᠭ︶ ᠢ  ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠡᠭᠦᠷᠭᠡᠯᠡᠵᠦ ᠪᠠᠶᠢᠭ᠎ᠠ ᠡᠷᠡᠭᠦᠦ  ᠰᠢᠢᠳᠭᠡᠯ ᠢ ᠭᠦᠢᠴᠡᠳᠬᠡᠬᠦ ᠠᠵᠢᠯ ᠢ ᠬᠠᠷᠢᠭᠤᠴᠠᠨ᠎ᠠ᠃ ᠬᠤᠷᠢᠬᠤ ᠭᠠᠵᠠᠷ ᠪᠠ ᠲᠦᠷ ᠬᠤᠷᠢᠬᠤ ᠭᠠᠵᠠᠷ ᠢ ᠬᠠᠷᠢᠭᠤᠴᠠᠨ ᠬᠠᠮᠢᠶᠠᠷᠤᠨ᠎ᠠ᠃       ︵ᠠᠷᠪᠠᠨ ᠭᠤᠷᠪᠠ︶ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠲᠣᠨᠤᠭ ᠲᠥᠬᠦᠭᠡᠷᠦᠮᠵᠢ᠂ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠵᠢᠴᠢ ᠴᠠᠭᠳᠠᠭᠠᠨ ᠤ ᠠᠭᠠᠷ ᠤᠨ ᠨᠢᠰᠦᠭᠦᠷ ᠤᠨ ᠠᠵᠢᠯᠯᠠᠭᠠᠨ᠂ ᠠᠮᠤᠷ ᠲᠦᠪᠰᠢᠨ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠳᠥᠷᠪᠡ︶ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠢᠯᠣᠭᠤᠳᠣᠯᠭ᠎ᠠ ᠳᠣᠤᠷ᠎ᠠ ᠣᠯᠠᠨ ᠤᠯᠤᠰ ᠤᠨ ᠡᠷᠡᠭᠦᠤ ᠶᠢᠨ ᠴᠠᠭᠳᠠᠭ᠎ᠠ ᠶᠢᠨ ᠵᠣᠬᠢᠶᠠᠨ ᠪᠠᠶᠢᠭᠤᠯᠤᠯᠲᠠ᠂ ᠭᠠᠳᠠᠭᠠᠳᠤ ᠶᠢᠨ ᠴᠠᠭᠳᠠᠭ᠎ᠠ ᠶᠢᠨ ᠲᠠᠯ᠎ᠠ ᠵᠢᠴᠢ ᠰᠢᠶᠠᠩᠭᠠᠩ ᠣᠣᠮᠧᠨ ᠲᠠᠶᠢᠸᠠᠨ ᠤ ᠴᠠᠭᠳᠠᠭ᠎ᠠ ᠶᠢᠨ ᠲᠠᠯ᠎ᠠ ᠯᠤᠭ᠎ᠠ ᠶᠢᠨ ᠶᠠᠪᠤᠯᠴᠠᠭ᠎ᠠ ᠪᠠ ᠲᠤᠬᠠᠶᠢᠯᠠᠭᠰᠠᠨ ᠠᠵᠢᠯ ᠤᠨ ᠬᠠᠮᠲᠤᠷᠠᠯᠴᠠᠭ᠎ᠠ ᠶᠢ ᠥᠷᠨᠢᠭᠦᠯᠦᠨ᠎ᠡ᠃ ᠬᠢᠯᠢ ᠶᠢᠨ ᠭᠠᠳᠠᠨᠠᠬᠢ ᠵᠠᠰᠠᠭ ᠤᠨ ᠣᠷᠳᠣᠨ ᠤ ᠪᠤᠰᠤ ᠵᠣᠬᠢᠶᠠᠨ ᠪᠠᠶᠢᠭᠤᠯᠤᠯᠲᠠ ᠶᠢᠨ ᠮᠠᠨ ᠤ ᠬᠤᠲᠠᠨ  ᠳᠠᠬᠢ ᠠᠵᠢᠯᠯᠠᠭ᠎ᠠ  ᠶᠢᠨ ᠬᠠᠮᠢᠶᠠᠷᠤᠯᠲᠠ ᠶᠢᠨ ᠠᠵᠢᠯ ᠢ ᠲᠦᠷᠦᠭᠦᠯᠡᠨ ᠬᠠᠷᠢᠭᠤᠴᠠᠨ᠎ᠠ᠃      ︵ᠠᠷᠪᠠᠨ ᠲᠠᠪᠤ︶ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠥᠬᠦᠶ ᠲᠦᠷᠢᠮ ᠢ ᠲᠣᠭᠲᠠᠭᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠡᠭᠡᠨ ᠺᠠᠲᠡᠷ ᠢ ᠬᠠᠮᠢᠶᠠᠷᠤᠨ᠎ᠠ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠢ ᠪᠠᠶᠢᠴᠠᠭᠠᠬᠤ ᠶᠢᠨ ᠬᠠᠮᠲᠤ ᠰᠢᠢᠳᠪᠦᠷᠢᠯᠡᠬᠦ ᠰᠠᠨᠠᠯ  ᠳᠤᠷᠠᠳᠤᠨ᠎ᠠ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ᠂ ᠠᠵᠢᠯ ᠤᠨ ᠰᠤᠷᠲᠠᠯ ᠤᠨ ᠪᠠᠶᠢᠭᠤᠯᠤᠯᠲᠠ ᠪᠠ ᠳᠣᠲᠣᠭᠠᠳᠤ ᠶᠢ ᠬᠠᠮᠠᠭᠠᠯᠠᠬᠤ ᠦᠵᠡᠯ ᠤᠬᠠᠮᠰᠠᠷ ᠤᠨ ᠬᠡᠯᠪᠡᠷᠢ  ᠶᠢᠨ ᠠᠵᠢᠯ ᠢ ᠬᠠᠷᠢᠭᠤᠴᠠᠨ᠎ᠠ᠃      ︵ᠠᠷᠪᠠᠨ ᠵᠢᠷᠭᠤᠭ᠎ᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ᠬᠤᠶᠠᠷ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠳᠣᠣᠷ᠎ᠠ ᠵᠢᠭᠰᠠᠭᠠᠭᠰᠠᠨ ᠳᠣᠲᠣᠭᠠᠳᠤ ᠶᠢᠨ ᠪᠠᠶᠢᠭᠤᠯᠤᠮᠵᠢ ᠪᠣᠢ     ︵ᠨᠢᠭᠡ︶ ᠳᠣᠲᠣᠭᠠᠳᠤ ᠪᠠᠶᠢᠭᠤᠯᠤᠮᠵᠢ      ︵1︶ ᠤᠯᠤᠰ ᠲᠥᠷᠥ ᠶᠢᠨ ᠠᠵᠢᠯ ᠤᠨ ᠠᠯᠪᠠᠨ ᠭᠡᠷ᠃ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠤᠯᠤᠰ ᠲᠥᠷᠥ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠪᠠ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠰᠠᠬᠢᠯᠭ᠎ᠠ ᠪᠠᠲᠤ  ᠶᠢ ᠬᠢᠨᠠᠨ ᠪᠠᠶᠢᠴᠠᠭᠠᠬᠤ᠂ ᠦᠵᠡᠯ ᠤᠬᠠᠮᠰᠠᠷ ᠤᠨ ᠬᠡᠯᠪᠡᠷᠢ᠂ ᠺᠠᠲᠡᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠮᠦᠵᠢᠯ ᠪᠣᠯᠪᠠᠰᠤᠷᠠᠯ᠂ ᠤᠬᠠᠭᠤᠯᠭ᠎ᠠ ᠰᠣᠶᠣᠯ᠂ ᠴᠠᠭᠳᠠᠭ᠎ᠠ ᠶᠢᠨ ᠴᠣᠯᠠ ᠶᠢᠨ ᠬᠠᠮᠢᠶᠠᠷᠤᠯᠲᠠ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠬᠠᠮᠢᠶᠠᠷᠤᠯᠲᠠ ᠪᠠ ᠣᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠬᠠᠮᠢᠶᠠᠷᠤᠯᠲᠠ  ᠶᠢ  ᠬᠠᠷᠢᠭᠤᠴᠠᠨ᠎ᠠ᠃     ︵2︶ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠶᠡᠭᠡ ᠠᠩᠭᠢ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ ᠵᠡᠷᠭᠡ ᠲᠦᠷᠢᠮ ᠵᠢᠴᠢ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠵᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠷᠤᠳᠠᠯ ᠤᠨ ᠲᠥᠰᠦᠪ ᠪᠠ ᠲᠥᠰᠦᠪ ᠤᠨ ᠭᠦᠢᠴᠡᠳᠭᠡᠯ ᠵᠢᠴᠢ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠵᠠᠷᠤᠳᠠᠯ ᠤᠨ ᠬᠠᠮᠢᠶᠠᠷᠤᠯᠲᠠ ᠬᠡᠷᠡᠭᠯᠡᠯᠲᠡ ᠶᠢ ᠨᠠᠶᠢᠷᠠᠭᠤᠯᠤᠨ ᠵᠣᠬᠢᠶᠠᠬᠤ ᠠᠵᠢᠯ  ᠢ  ᠬᠠᠷᠢᠭᠤᠴᠠᠨ᠎ᠠ ᠃  ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠵᠤ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠵᠡᠪᠰᠡᠭ ᠲᠣᠨᠣᠭᠯᠠᠯ᠂ ᠪᠠᠭᠠᠵᠢ ᠬᠡᠷᠡᠭᠰᠡᠯ ᠡᠳ᠋ ᠪᠣᠳᠠᠰ ᠢ ᠲᠣᠬᠢᠷᠠᠭᠤᠯᠬᠤ᠂ ᠬᠥᠮᠥᠷᠭᠡᠯᠡᠨ ᠬᠠᠳᠠᠭᠠᠯᠠᠬᠤ ᠪᠠ ᠰᠢᠯᠵᠢᠭᠦᠯᠦᠨ ᠲᠡᠭᠡᠭᠡᠪᠦᠷᠢᠯᠡᠬᠦ ᠵᠢᠴᠢ ᠴᠠᠭᠳᠠᠭᠠᠨ ᠤ ᠠᠭᠠᠷ ᠤᠨ ᠨᠢᠰᠦᠭᠦᠷ ᠤᠨ ᠠᠵᠢᠯᠯᠠᠭ᠎ᠠ᠂ ᠠᠮᠤᠷ ᠲᠦᠪᠰᠢᠨ ᠪᠠ ᠬᠠᠮᠢᠶᠠᠷᠤᠯᠲᠠ ᠶᠢᠨ ᠠᠵᠢᠯ ᠢ ᠬᠡᠷᠡᠭᠵᠢᠭᠦᠯᠦᠨ᠎ᠡ᠃ ᠲᠤᠪᠴᠢᠶ᠎ᠠ ᠶᠢᠨ ᠪᠠᠶᠢᠭᠤᠯᠭ᠎ᠠ ᠶᠢᠨ ᠤᠯᠤᠰ ᠤᠨ ᠦᠮᠴᠢᠯᠡᠯ ᠤᠨ ᠡᠳ᠋ ᠬᠦᠷᠥᠩᠭᠡ ᠪᠠ ᠬᠡᠷᠡᠭ ᠲᠤ ᠬᠤᠯᠪᠤᠭᠳᠠᠭᠰᠠᠨ ᠡᠳ᠋ ᠪᠤᠳᠠᠰ ᠤᠨ ᠬᠠᠮᠢᠶᠠᠷᠤᠯᠲᠠ  ᠶᠢ  ᠬᠠᠷᠢᠭᠤᠴᠠᠨ᠎ᠠ᠃   ᠲᠤᠪᠴᠢᠶ᠎ᠠ ᠶᠢᠨ ᠬᠠᠷᠢᠶ᠎ᠠ ᠨᠢᠭᠡᠴᠢ ᠶᠢᠨ  ᠵᠠᠷᠤᠳᠠᠯ ᠤᠨ ᠲᠦᠰᠦᠪ ᠪᠠ ᠲᠦᠰᠦᠪ ᠤᠨ ᠭᠦᠢᠴᠡᠳᠭᠡᠯ ᠢ‌ᠨᠠᠶᠢᠷᠠᠭᠤᠯᠤᠨ  ᠵᠣᠬᠢᠶᠠᠬᠤ  ᠪᠠ  ᠬᠢᠨᠠᠯᠲᠠ  ᠲᠠᠯᠪᠢᠵᠦ᠂  ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠤᠰᠬᠠᠶ ᠵᠦᠢᠯ ᠤᠨ ᠵᠠᠷᠤᠳᠠᠯ ᠤᠨ ᠬᠡᠷᠡᠭᠯᠡᠯᠲᠡ ᠬᠠᠮᠢᠶᠠᠷᠤᠯᠲᠠ ᠶᠢ ᠬᠠᠷᠢᠭᠤᠴᠠᠨ᠎ᠠ᠃      ︵3︶ᠨᠢᠭᠤᠴᠠ ᠮᠡᠳᠡᠭᠡ ᠶᠢ ᠵᠢᠯᠣᠭᠤᠳᠬᠤ ᠲᠥᠪ ︵ᠠᠯᠪᠠᠨ ᠭᠡᠷ︶᠃ ᠪᠥᠬᠦ ᠬᠤᠲᠠ ᠶᠢᠨ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠢ ᠬᠠᠷᠢᠭᠤᠴᠠᠨ ᠡᠵᠡᠮᠰᠢᠵᠦ᠂ ᠡᠯ᠎ᠡ ᠲᠥᠷᠥᠯ ᠤᠨ ᠳᠠᠶᠢᠰᠤᠨ ᠤ ᠪᠠᠶᠢᠳᠠᠯ ᠨᠡᠶᠢᠭᠡᠮ ᠤᠨ ᠪᠠᠶᠢᠳᠠᠯ ᠤᠨ ᠬᠥᠳᠡᠯᠦᠯ ᠪᠠᠶᠢᠳᠠᠯ᠂ ᠭᠡᠨᠡᠳᠲᠡ ᠶᠢᠨ ᠬᠡᠷᠡᠭ᠂ ᠬᠦᠨᠳᠦ ᠶᠡᠭᠡ ᠬᠡᠷᠡᠭ ᠵᠡᠷᠭᠡ ᠮᠡᠳᠡᠭᠡ ᠵᠠᠩᠭᠢ ᠶᠢ ᠴᠤᠭᠯᠠᠭᠤᠯᠬᠤ᠂ ᠵᠠᠳᠠᠯᠬᠤ᠂ ᠬᠠᠷᠢᠭᠤ ᠲᠤᠰᠬᠠᠬᠤ ᠪᠠ ᠶᠡᠷᠦᠩᠬᠡᠶᠢᠯᠡᠨ  ᠰᠢᠢᠳᠪᠦᠷᠢᠯᠡᠨ᠎ᠡ᠃ ᠲᠦᠭᠰᠢᠭᠦᠷᠢ ᠮᠡᠳᠡᠭᠦᠯᠬᠦ ᠶᠢ ᠬᠦᠯᠢᠶᠡᠨ ᠠᠪᠬᠤ᠂ ᠴᠠᠭᠳᠠᠭ᠎ᠠ  ᠰᠢᠢᠳᠪᠦᠷᠢᠯᠡᠬᠦ ᠠᠵᠢᠯ ᠢ ᠵᠢᠯᠣᠭᠤᠳᠬᠤ ᠶᠢ ᠬᠠᠷᠢᠭᠤᠴᠠᠨ᠎ᠠ᠃ ᠡᠯ᠎ᠡ ᠲᠥᠷᠥᠯ ᠤᠨ ᠬᠦᠨᠳᠦ ᠶᠡᠭᠡ ᠭᠡᠨᠡᠳᠲᠡ ᠶᠢᠨ ᠬᠡᠷᠡᠭ ︵ᠬᠡᠷᠡᠭ︶ ᠢ ᠵᠢᠯᠣᠭᠤᠳᠬᠤ᠂ ᠰᠢᠢᠳᠪᠦᠷᠢᠯᠡᠬᠦ ᠠᠵᠢᠯ ᠢ ᠬᠠᠪᠰᠤᠷᠤᠨ ᠪᠡᠶᠡᠯᠡᠭᠦᠯᠦᠨ᠎ᠡ᠃ ᠴᠢᠬᠤᠯᠠ ᠬᠤᠷᠠᠯ᠂ ᠰᠡᠷᠭᠡᠭ ᠵᠠᠩᠭᠢᠯᠠᠭ᠎ᠠ ᠶᠢᠨ ᠴᠢᠬ᠂ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠵᠢᠴᠢ ᠴᠢᠬᠤᠯᠠ ᠶᠡᠭᠡ ᠠᠵᠢᠯᠯᠠᠭ᠎ᠠ ᠶᠢᠨ ᠠᠮᠤᠷ ᠲᠦᠪᠰᠢᠨ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠢ ᠲᠦᠷᠦᠭᠦᠯᠡᠨ ᠬᠠᠷᠢᠭᠤᠴᠠᠨ᠎ᠠ᠃ ᠲᠣᠪᠴᠢᠶ᠎ᠠ ᠶᠢᠨ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ᠶᠡᠷᠦᠩᠬᠡᠶᠢᠯᠡᠭᠰᠡᠨ ᠡᠬᠡ ᠪᠢᠴᠢᠭ ᠲᠤᠭᠤᠷᠪᠢᠬᠤ ᠠᠵᠢᠯ  ᠢ ᠬᠠᠷᠢᠭᠤᠴᠠᠵᠤ᠂ ᠵᠠᠰᠠᠭ  ᠤᠨ ᠶᠠᠪᠤᠳᠠᠯ  ᠤᠨ ᠠᠵᠢᠯᠯᠠᠭ᠎ᠠ ᠶᠢ ᠲᠣᠪᠴᠢᠶ᠎ᠠ ᠪᠠᠷ ᠤᠳᠤᠷᠢᠳᠤᠭᠤᠯᠬᠤ ᠪᠠᠷ ᠲᠣᠬᠢᠷᠠᠭᠤᠯᠵᠤ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠬᠤᠯᠠ ᠶᠡᠭᠡ ᠤᠴᠢᠷ ᠶᠠᠪᠤᠳᠠᠯ  ᠢ ᠨᠠᠶᠢᠳᠠᠪᠤᠷᠢᠵᠢᠭᠤᠯᠬᠤ ᠪᠠ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠣᠲᠣᠭᠠᠳᠤ ᠶᠢᠨ ᠲᠥᠷᠢᠮ᠂ ᠪᠢᠴᠢᠭ  ᠮᠠᠲ᠋ᠧᠷᠢᠶᠠᠯ ᠴᠠᠬᠢᠯᠭᠠᠨ ᠮᠡᠳᠡᠭᠡ᠂ ᠬᠤᠷᠠᠯ  ᠤᠨ ᠶᠠᠪᠤᠳᠠᠯ᠂ ᠨᠢᠭᠤᠴᠠ ᠶᠢ ᠬᠠᠮᠠᠭᠠᠯᠠᠬᠤ᠂ ᠨᠢᠭᠤᠴᠠ ᠴᠢᠬᠤᠯᠠ ᠵᠦᠢᠯ᠂ ᠲᠠᠩᠰᠠ ᠡᠪᠬᠡᠮᠡᠯ᠂ ᠲᠡᠦᠬᠡ ᠲᠡᠮᠳᠡᠭᠯᠡᠯ᠂ ᠲᠤᠭ᠎ᠠ ᠪᠦᠷᠢᠳᠬᠡᠯ᠂ ᠮᠣᠩᠭᠤᠯ ᠦᠭᠡ ᠬᠡᠯᠡ ᠥᠰᠥᠭ ᠪᠢᠴᠢᠭ  ᠤᠨ ᠣᠷᠴᠢᠭᠤᠯᠭ᠎ᠠ᠂ ᠠᠮᠤᠷ ᠲᠦᠪᠰᠢᠨ ᠢ ᠬᠠᠮᠠᠭᠠᠯᠠᠬᠤ᠂ ᠦᠨᠳᠦᠰᠦᠨ ᠪᠥᠳᠥᠭᠡᠨ ᠪᠠᠶᠢᠭᠤᠯᠤᠯᠲᠠ᠂ ᠡᠳᠦᠷ ᠲᠤᠳᠤᠮ  ᠤᠨ ᠬᠠᠮᠢᠶᠠᠷᠤᠯᠲᠠ ᠬᠠᠮᠠᠭᠠᠯᠠᠯᠲᠠ᠂ ᠠᠯᠪᠠᠨ ᠶᠠᠪᠤᠳᠠᠯ  ᠤᠨ ᠲᠡᠷᠭᠡ ᠬᠥᠰᠬᠡ ᠶᠢᠨ ᠬᠠᠮᠢᠶᠠᠷᠤᠯᠲᠠ ᠵᠡᠷᠭᠡ ᠵᠠᠰᠠᠭ  ᠤᠨ ᠶᠠᠪᠤᠳᠠᠯ  ᠤᠨ ᠴᠢᠨᠠᠷᠲᠠᠶ ᠠᠵᠢᠯ  ᠢ  ᠰᠢᠮᠳᠠᠭᠤᠯᠤᠨ᠎ᠠ᠃ ᠲᠣᠪᠴᠢᠶ᠎ᠠ ᠶᠢᠨ ᠫᠤᠤ ᠰᠤᠮᠤᠨ ᠤ ᠬᠥᠮᠥᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠪᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃        ︵4︶ ᠰᠢᠮᠳᠠᠭᠤᠯᠤᠨ ᠪᠠᠶᠢᠴᠠᠭᠠᠬᠤ ᠬᠠᠤᠯᠢ ᠲᠦᠷᠢᠮ ᠤᠨ ᠶᠡᠭᠡ ᠠᠩᠭᠢ ︵ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠲᠥᠪ︶᠃ ᠳᠣᠲᠣᠭᠠᠳᠤ ᠶᠢ ᠬᠠᠮᠠᠭᠠᠯᠠᠬᠤ ᠴᠠᠭᠳᠠᠭᠠᠨ ᠤ ᠶᠠᠪᠤᠳᠠᠯ ᠢ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠵᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠯ᠎ᠡ ᠰᠠᠯᠠᠭ᠎ᠠ ᠮᠥᠴᠢᠷ ᠵᠢᠴᠢ ᠠᠷᠠᠳ ᠤᠨ ᠴᠠᠭᠳᠠᠭ᠎ᠠ ᠶᠢᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ  ᠭᠦᠢᠴᠡᠳᠭᠡᠭᠰᠡᠨ᠂ ᠡᠷᠬᠡ ᠲᠤᠰᠢᠶᠠᠯ ᠢᠶᠠᠨ ᠬᠡᠷᠡᠭᠵᠢᠭᠦᠯᠦᠭᠰᠡᠨ ᠪᠠ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠭᠰᠠᠨ ᠪᠠᠶᠢᠳᠠᠯ ᠳᠤ ᠬᠢᠨᠠᠯᠲᠠ ᠲᠠᠯᠪᠢᠨ᠎ᠠ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠭᠤᠤᠯ ᠠᠵᠢᠯ ᠪᠠ ᠭᠤᠤᠯᠳᠠᠯᠭ᠎ᠠ ᠲᠠᠢ ᠴᠠᠭᠳᠠᠭᠠᠨ ᠤ ᠶᠠᠪᠤᠳᠠᠯ ᠤᠨ ᠠᠵᠢᠯ ᠤᠨ ᠲᠣᠭᠤᠷᠢᠨ ᠳᠤ ᠲᠤᠬᠠᠶ ᠶᠢᠨ ᠲᠠᠯᠠᠪᠤᠷ  ᠲᠤᠨᠢ  ᠰᠢᠪᠠᠳᠡᠨ ᠪᠠᠶᠢᠴᠠᠭᠠᠵᠤ  ᠰᠢᠢᠳᠪᠦᠷᠢᠯᠡᠨ᠎ᠡ ᠃  ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠢᠴᠢ ᠠᠷᠠᠳ ᠤᠨ ᠴᠠᠭᠳᠠᠭ᠎ᠠ ᠶᠢᠨ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠢᠯᠡᠴᠢᠯᠡᠨ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠨ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ︵ᠤᠴᠢᠷ︶ ᠢ ᠳᠠᠭᠠᠭᠠᠨ ᠰᠢᠢᠳᠪᠦᠷᠢᠯᠡᠨ᠎ᠡ᠃ ᠠᠷᠠᠳ ᠤᠨ ᠴᠠᠭᠳᠠᠭ᠎ᠠ ᠶᠢᠨ ᠬᠠᠤᠯᠢ ᠬᠡᠷᠡᠭᠵᠢᠭᠦᠯᠬᠦ ᠡᠷᠬᠡ ᠰᠦᠷ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠣᠲᠣᠭᠠᠳᠤ ᠶᠢᠨ ᠬᠢᠨᠠᠨ ᠪᠣᠳᠣᠬᠤ ᠠᠵᠢᠯ ᠢ ᠬᠠᠷᠢᠭᠤᠴᠠᠨ᠎ᠠ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨᠠᠨ ᠪᠠᠶᠢᠴᠠᠭᠠᠬᠤ ᠵᠥᠪᠯᠡᠯ ᠤᠨ ᠠᠯᠪᠠᠨ ᠬᠡᠷ ᠤᠨ ᠡᠭᠦᠷᠭᠡ  ᠶᠢ  ᠬᠠᠷᠢᠭᠤᠴᠠᠨ᠎ᠠ᠃ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠠᠤᠯᠢ ᠬᠡᠷᠡᠭᠵᠢᠭᠦᠯᠬᠦ ᠠᠵᠢᠯ ᠤᠨ ᠬᠤᠯᠪᠣᠭᠳᠠᠯ ᠪᠦᠬᠦᠢ ᠲᠦᠷᠢᠮ ᠢ ᠲᠤᠭᠤᠷᠪᠢᠨ ᠲᠣᠭᠲᠠᠭᠠᠨ᠎ᠠ᠃ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ᠂ ᠬᠠᠤᠯᠢ ᠬᠡᠷᠡᠭᠵᠢᠭᠦᠯᠬᠦ ᠠᠵᠢᠯ ᠪᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠬᠠᠷᠢᠭᠤᠴᠠᠨ᠎ᠠ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠭᠡᠷᠡᠴᠢᠯᠡᠭᠡ ᠰᠣᠨᠣᠰᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠤᠯᠤᠰ ᠤᠨ ᠲᠥᠯᠥᠪᠦᠷᠢ᠂ ᠡᠷᠡᠭᠦᠦ ᠶᠢᠨ ᠬᠡᠷᠡᠭ ᠤᠨ ᠳᠠᠬᠢᠨ ᠵᠥᠪᠯᠡᠬᠦ ᠠᠵᠢᠯ ᠢ ᠬᠠᠷᠢᠭᠤᠴᠠᠨ ᠭᠦᠢᠴᠡᠳᠬᠡᠨ᠎ᠡ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠡᠷᠡᠭ ᠪᠣᠯᠭᠠᠨ ᠳᠠᠩᠰᠠᠯᠠᠬᠤ ᠶᠢ ᠬᠢᠨᠠᠨ ᠬᠠᠮᠢᠶᠠᠷᠬᠤ ᠵᠢᠴᠢ ᠬᠠᠤᠯᠢ ᠴᠠᠭᠠᠵᠠ ᠶᠢᠨ ᠬᠢᠨᠠᠨ ᠬᠠᠷᠭᠤᠭᠤᠯᠤᠯᠲᠠ ᠶᠢ ᠬᠠᠷᠢᠭᠤᠴᠠᠨ᠎ᠠ᠃       ︵5︶ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠶᠡᠭᠡ ᠠᠩᠭᠢ᠃ ᠪᠦᠬᠦ ᠬᠤᠳᠠ ᠶᠢᠨ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠤᠯᠤᠰ ᠲᠦᠷᠦ ᠶᠢᠨ ᠲᠣᠭᠲᠠᠭᠤᠨ ᠪᠠᠶᠢᠳᠠᠯ ᠢ ᠨᠥᠯᠥᠭᠡᠯᠡᠵᠦ ᠪᠠᠶᠢᠭ᠎ᠠ ᠪᠠᠶᠢᠳᠠᠯ ᠢ ᠡᠵᠡᠮᠰᠢᠵᠦ᠂ ᠠᠵᠢᠯ ᠤᠨ ᠠᠷᠭ᠎ᠠ ᠪᠤᠳᠤᠯᠭ᠎ᠠ ᠶᠢ ᠲᠤᠭᠤᠷᠪᠢᠨ ᠲᠣᠭᠲᠠᠭᠠᠨ᠎ᠠ᠃ ᠪᠥᠬᠦ ᠬᠤᠲᠠ ᠶᠢᠨ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠬᠡᠷᠡᠭ ︵ᠬᠡᠷᠡᠭ︶ ᠢ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ  ᠥᠷᠨᠢᠭᠦᠯᠦᠨ᠎ᠡ᠃ ᠪᠥᠬᠦ ᠬᠤᠲᠠ ᠶᠢᠨ ᠦᠨᠳᠦᠰᠦᠲᠡᠨ᠂ ᠱᠠᠰᠢᠨ ᠰᠤᠷᠲᠠᠬᠤᠨ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶ᠎ᠡ ᠴᠠᠷᠠᠭ᠎ᠠ ᠵᠡᠷᠭᠡ ᠲᠠᠯ᠎ᠠ ᠶᠢᠨ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠮᠣᠩᠭᠤᠯ ᠳᠤ ᠬᠤᠯᠪᠣᠭᠳᠠᠬᠤ ᠬᠠᠭᠠᠴᠠᠭᠤᠯᠤᠯ ᠢ ᠡᠰᠡᠷᠭᠦᠴᠡᠬᠦ ᠬᠦᠷᠢᠶ᠎ᠡ ᠴᠠᠷᠠᠭ᠎ᠠ ᠶᠢᠨ ᠲᠤᠰᠬᠠᠶ ᠠᠵᠢᠯ ᠢ ᠬᠠᠷᠢᠭᠤᠴᠠᠨ᠎ᠠ᠃ ᠭᠤᠤᠯᠳᠠᠯᠭ᠎ᠠ ᠲᠠᠢ ᠠᠵᠢᠯ ᠤᠨ ᠡᠲᠡᠭᠡᠳ ᠤᠨ ᠭᠢᠨᠳᠠᠨ ᠠᠴᠠ ᠭᠠᠷᠤᠭᠰᠠᠨ ᠤ ᠳᠠᠷᠠᠭᠠᠬᠢ ᠬᠢᠨᠠᠨ ᠡᠵᠡᠮᠳᠡᠬᠦ᠂ ᠭᠡᠨᠡᠳᠲᠡ ᠶᠢᠨ ᠬᠡᠷᠡᠭ ᠢ  ᠰᠢᠢᠳᠪᠦᠷᠢᠯᠡᠬᠦ ᠵᠢᠴᠢ ᠰᠤᠷᠭᠠᠨ ᠬᠥᠮᠦᠵᠢᠭᠦᠯᠵᠦ ᠬᠤᠪᠢᠷᠠᠭᠤᠯᠬᠤ ᠠᠵᠢᠯ ᠢ ᠬᠠᠷᠢᠭᠤᠴᠠᠨ᠎ᠠ᠃ ᠬᠢᠯᠢ ᠶᠢᠨ ᠭᠠᠳᠠᠨᠠᠬᠢ ᠵᠠᠰᠠᠭ ᠤᠨ ᠣᠷᠳᠣᠨ ᠤ ᠪᠤᠰᠤ ᠵᠣᠬᠢᠶᠠᠨ ᠪᠠᠶᠢᠭᠤᠯᠤᠯᠲᠠ ᠶᠢᠨ ᠪᠥᠬᠦ ᠬᠤᠲᠠ ᠳᠠᠬᠢ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠳᠠ ᠶᠢᠨ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠳᠤ ᠬᠤᠣᠷ ᠬᠥᠨᠥᠭᠡᠯ ᠲᠠᠢ ᠠᠮᠢᠰᠬᠤᠯ ᠤᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠬᠥᠳᠡᠯᠦᠯ ᠪᠠᠶᠢᠳᠠᠯ ᠢ ᠡᠵᠡᠮᠰᠢᠬᠦ ᠶᠢᠨ ᠬᠠᠮᠲᠤ ᠵᠠᠳᠠᠯᠤᠨ ᠰᠤᠳᠤᠯᠵᠤ ᠮᠠᠭᠠᠳᠯᠠᠨ᠂ ᠤᠷᠢᠳᠴᠢᠯᠠᠨ ᠰᠡᠷᠭᠡᠶᠢᠯᠡᠬᠦ᠂ ᠴᠣᠬᠢᠯᠲᠠ ᠥᠭᠬᠦ ᠠᠷᠭ᠎ᠠ ᠪᠤᠳᠤᠯᠭ᠎ᠠ ᠶᠢ ᠲᠤᠭᠤᠷᠪᠢᠨ ᠲᠣᠭᠲᠠᠭᠠᠨ᠎ᠠ᠃ ᠪᠦᠬᠦ ᠬᠤᠲᠠ ᠶᠢᠨ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠪᠣᠯᠤᠨ ᠨᠡᠶᠢᠭᠡᠮ ᠳᠤ ᠬᠤᠣᠷ ᠬᠥᠨᠥᠭᠡᠯ ᠲᠠᠢ ᠠᠮᠢᠰᠬᠤᠯ ᠤᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ᠂  ᠰᠢᠢᠳᠪᠦᠷᠢᠯᠡᠬᠦ᠂ ᠲᠤᠷᠰᠢᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠰᠡᠷᠡᠮᠵᠢᠯᠡᠭᠦᠯᠬᠦ ᠬᠥᠮᠦᠵᠢᠯ ᠤᠨ ᠠᠵᠢᠯ ᠢ ᠥᠷᠨᠢᠭᠦᠯᠦᠨ᠎ᠡ᠃        ︵6︶ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ᠃ ᠪᠦᠬᠦ ᠬᠤᠳᠠ ᠶᠢᠨ ᠠᠮᠤᠷ ᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠤᠨ ᠲᠦᠷᠢᠮ   ᠢ ᠲᠤᠭᠤᠷᠪᠢᠨ ᠲᠣᠭᠲᠠᠭᠠᠨ᠎ᠠ᠃ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ ᠡᠪᠳᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ  ᠶᠢ ᠬᠠᠷᠢᠭᠤᠴᠠᠨ᠎ᠠ᠃ ᠡᠷᠦᠬᠡ ᠠᠮᠠ ᠶᠢᠨ ᠲᠠᠩᠰᠠ᠂ ᠬᠥᠮᠦᠨ ᠠᠮᠠ᠂ ᠫᠤᠤ ᠵᠡᠪᠰᠡᠭ ᠰᠤᠮᠤ ᠳᠠᠷᠢ᠂ ᠵᠠᠬᠢᠷᠤᠨ ᠬᠠᠮᠢᠶᠠᠷᠬᠤ ᠪᠠᠭᠠᠵᠢ ᠬᠡᠷᠡᠭᠰᠡᠯ᠂ ᠲᠤᠬᠰᠢᠨ ᠬᠤᠣᠷᠲᠠᠢ ᠬᠢᠮᠢ ᠶᠢᠨ ᠵᠦᠢᠯ᠂ ᠣᠨᠴᠠ ᠲᠦᠷᠦᠯ ᠤᠨ ᠠᠵᠢᠯ ᠲᠦᠷᠦᠯ ᠪᠠ ᠭᠠᠯ ᠰᠡᠷᠭᠡᠶᠢᠯᠡᠬᠦ ᠠᠵᠢᠯ ᠢ ᠵᠢᠯᠣᠭᠤᠳᠤᠨ ᠬᠠᠮᠢᠶᠠᠷᠤᠨ᠎ᠠ᠃ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠤᠨ ᠤᠯᠠᠨ ᠨᠡᠶᠢᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ  ᠬᠠᠷᠢᠭᠤᠴᠠᠨ᠎ᠠ᠃ ᠪᠦᠬᠦ ᠬᠤᠲᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠬᠤᠷᠠᠯ ᠴᠤᠭᠯᠠᠭ᠎ᠠ ᠬᠢᠬᠦ᠂ ᠵᠢᠭᠰᠠᠭᠠᠯ ᠶᠠᠪᠤᠭᠤᠯᠬᠤ᠂ ᠰᠦᠷ ᠦᠵᠡᠭᠦᠯᠬᠦ ᠠᠵᠢᠯᠯᠠᠭ᠎ᠠ ᠶᠢ ᠬᠠᠤᠯᠢ ᠶᠣᠰᠣᠭᠠᠷ ᠬᠠᠮᠢᠶᠠᠷᠬᠤ ᠶᠢ ᠬᠠᠷᠢᠭᠤᠴᠠᠵᠤ᠂ ᠠᠮᠤᠷ ᠢ ᠬᠠᠮᠠᠭᠠᠯᠠᠬᠤ ᠠᠳᠡᠭᠳᠡᠯ ᠪᠠ ᠬᠠᠮᠲᠤᠯᠢᠭ ᠤᠨ ᠴᠢᠨᠠᠷᠲᠠᠶ ᠬᠡᠷᠡᠭ ᠢ  ᠰᠢᠢᠳᠪᠦᠷᠢᠯᠡᠵᠦ᠂ ᠲᠦᠷᠦ ᠶᠢᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠪᠠ ᠴᠢᠬᠤᠯᠠ ᠰᠠᠭᠤᠷᠢ ᠲᠥᠬᠦᠭᠡᠷᠦᠮᠵᠢ ᠶᠢᠨ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠵᠢᠴᠢ ᠲᠤᠮᠤ ᠬᠡᠯᠪᠡᠷᠢ ᠶᠢᠨ ᠤᠯᠠᠨ ᠲᠦᠮᠡᠨᠴᠢ ᠴᠢᠨᠠᠷᠲᠠᠶ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠪᠦᠬᠦ ᠬᠤᠳᠠ ᠶᠢᠨ ᠬᠥᠮᠦᠰ ᠤᠨ ᠬᠡᠪ ᠤᠨ ᠪᠤᠰᠤ ᠪᠠᠷ ᠳᠡᠭᠡᠭᠰᠢ ᠰᠤᠷᠪᠤᠯᠵᠢᠯᠠᠬᠤ ᠠᠵᠢᠯ ᠢ ᠬᠠᠷᠢᠭᠤᠴᠠᠨ  ᠰᠢᠢᠳᠪᠦᠷᠢᠯᠡᠵᠦ᠂ ᠪᠦᠬᠦ ᠬᠤᠳᠠ ᠶᠢᠨ ᠤᠯᠠᠨ ᠲᠦᠮᠡᠨᠴᠢ ᠴᠢᠨᠠᠷᠲᠠᠶ ᠠᠮᠤᠷ ᠢ ᠬᠠᠮᠠᠭᠠᠯᠠᠬᠤ ᠵᠣᠬᠢᠶᠠᠨ ᠪᠠᠶᠢᠭᠤᠯᠤᠯᠲᠠ ᠶᠢᠨ ᠠᠮᠤᠷ ᠢ ᠬᠠᠮᠠᠭᠠᠯᠠᠬᠤ ᠰᠡᠷᠭᠡᠶᠢᠯᠡᠯᠲᠡ ᠶᠢᠨ ᠠᠵᠢᠯ ᠢ ᠵᠢᠯᠣᠭᠤᠳᠤᠨ᠎ᠠ ᠃ ᠲᠣᠮᠢᠯᠠᠭᠰᠠᠨ ᠰᠠᠯᠪᠤᠷᠢ ᠪᠣᠯᠤᠨ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠠᠵᠢᠯ ᠢ ᠵᠢᠯᠣᠭᠤᠳᠤᠨ᠎ᠠ᠃ ᠠᠮᠤᠷ  ᠢ ᠬᠠᠮᠠᠭᠠᠯᠠᠬᠤ ᠦᠢᠯᠡᠴᠢᠯᠡᠭᠡᠨ  ᠤ ᠦᠢᠯᠡᠰ  ᠤᠨ ᠬᠠᠮᠢᠶᠠᠷᠤᠯᠲᠠ  ᠶᠢᠨ ᠠᠵᠢᠯ  ᠢ ᠬᠠᠷᠢᠭᠤᠴᠠᠨ᠎ᠠ᠃ ᠪᠥᠬᠦ ᠬᠤᠲᠠ ᠶᠢᠨ ᠪᠠᠶᠢᠩᠭᠤ ᠰᠠᠭᠤᠭ᠎ᠠ ᠬᠢᠯᠢ ᠶᠢᠨ ᠭᠠᠳᠠᠨᠠᠬᠢ ᠬᠥᠮᠦᠰ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠭᠠᠳᠠᠭᠠᠳᠤ ᠲᠠᠢ ᠬᠤᠯᠪᠣᠭᠳᠠᠭᠰᠠᠨ ᠬᠡᠷᠡᠭ ︵ᠬᠡᠷᠡᠭ︶ ᠪᠣᠯᠤᠨ ᠳᠣᠲᠣᠷ᠎ᠠ ᠭᠠᠵᠠᠷ ᠤᠨ ᠠᠷᠠᠳ ᠢᠷᠭᠡᠨ ᠤ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠬᠠᠤᠯᠢ ᠲᠣᠭᠲᠠᠭᠠᠯ ᠢ ᠵᠥᠷᠢᠴᠡᠭᠰᠡᠨ ᠬᠡᠷᠡᠭ ︵ᠬᠡᠷᠡᠭ︶ ᠢ ᠰᠡᠷᠭᠡᠶᠢᠯᠡᠬᠦ ᠪᠠ ᠬᠠᠮᠵᠢᠨ ᠪᠠᠶᠢᠴᠠᠭᠠᠨ  ᠰᠢᠢᠳᠪᠦᠷᠢᠯᠡᠨ᠎ᠡ᠃ ︽ᠭᠤᠷᠪᠠᠨ ᠪᠤᠰᠤ︾ ᠭᠠᠳᠠᠭᠠᠳᠤ ᠶᠢᠨ ᠬᠥᠮᠦᠨ᠂ ᠭᠠᠳᠠᠭᠠᠳᠤ ᠶᠢᠨ ᠬᠥᠮᠦᠨ ᠤ ᠬᠤᠨᠣᠭᠯᠠᠬᠤ ᠳᠡᠩᠰᠡᠯᠡᠯᠲᠡ ᠶᠢᠨ ᠬᠠᠮᠢᠶᠠᠷᠤᠯᠲᠠ ᠪᠠ ᠭᠠᠳᠠᠭᠠᠳᠤ ᠶᠢᠨ ᠬᠠᠷᠢᠶ᠎ᠠ ᠲᠠᠢ ᠣᠷᠣᠰᠢᠨ ᠰᠠᠭᠤᠭᠰᠠᠳ᠂ ᠭᠠᠳᠠᠭᠠᠳᠤ ᠳᠤ ᠬᠤᠯᠪᠣᠭᠳᠠᠬᠤ ᠠᠵᠤ ᠠᠬᠤᠶᠢᠯᠠᠯ᠂ ᠵᠣᠴᠢᠳ ᠤᠨ ᠪᠠᠭᠤᠳᠠᠯ᠂ ᠠᠵᠢᠯᠴᠢᠨ ᠬᠡᠷᠡᠭᠯᠡᠬᠦ ᠨᠢᠭᠡᠴᠡ ᠶᠢᠨ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠪᠠᠶᠢᠴᠠᠭᠠᠨ ᠰᠢᠢᠳᠪᠦᠷᠢᠯᠡᠨ᠎ᠡ᠃ ᠪᠥᠬᠦ ᠬᠤᠲᠠ ᠶᠢᠨ ᠰᠠᠭᠤᠭᠠᠯᠢ ᠠᠷᠠᠳ ᠤᠨ ᠬᠤᠪᠢ ᠶᠢᠨ ᠶᠠᠪᠤᠳᠠᠯ ᠢᠶᠠᠷ ᠬᠢᠯᠢ ᠪᠠᠷ ᠣᠷᠣᠵᠤ ᠭᠠᠷᠬᠤ ᠦᠨᠡᠮᠯᠡᠯ ᠢ ᠭᠥᠯᠢᠶᠡᠨ ᠠᠪᠴᠤ  ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠡᠩ ᠤᠨ ᠫᠠᠰᠫᠣᠷᠲ᠂ ᠰᠢᠶᠠᠩᠭᠠᠩ ᠣᠣᠮᠧᠨ ᠳᠤ ᠣᠴᠢᠵᠤ ᠢᠷᠡᠬᠦ ᠨᠡᠪᠲᠡᠷᠡᠬᠦ ᠦᠨᠡᠮᠯᠡᠯ᠂ ᠡᠬᠡ ᠬᠠᠭᠤᠷᠠᠶ ᠶᠢᠨ ᠰᠠᠭᠤᠭᠠᠯᠢ ᠠᠷᠠᠳ ᠤᠨ ᠲᠠᠶᠢᠸᠠᠨ ᠳᠤ ᠣᠴᠢᠵᠤ ᠢᠷᠡᠬᠦ ᠨᠡᠪᠲᠡᠷᠡᠬᠦ ᠦᠨᠡᠮᠯᠡᠯ ᠢ ᠭᠥᠯᠢᠶᠡᠨ ᠠᠪᠴᠤ  ᠰᠢᠢᠳᠪᠦᠷᠢᠯᠡᠬᠦ᠂ ᠬᠠᠷᠭᠤᠭᠤᠯᠤᠨ ᠪᠠᠶᠢᠴᠠᠭᠠᠬᠤ ᠡᠭᠦᠷᠭᠡ ᠶᠢ ᠡᠭᠦᠷᠭᠡᠯᠡᠨ᠎ᠡ᠃ ᠪᠦᠬᠦ ᠬᠤᠲᠠ ᠶᠢᠨ ᠬᠤᠪᠢ ᠶᠢᠨ ᠶᠠᠪᠤᠳᠠᠯ ᠢᠶᠠᠷ ᠬᠢᠯᠢ ᠪᠠᠷ ᠣᠷᠣᠵᠤ ᠭᠠᠷᠬᠤ᠂ ᠭᠠᠳᠠᠭᠠᠳᠤ ᠳᠤ ᠰᠤᠷᠤᠯᠴᠠᠬᠤ᠂ ᠭᠠᠳᠠᠭᠠᠳᠤ ᠳᠤ ᠬᠥᠳᠡᠯᠮᠦᠷᠢ ᠬᠦᠴᠦ ᠭᠠᠷᠭᠠᠬᠤ ᠵᠡᠷᠭᠡ ᠵᠠᠭᠤᠴᠢ ᠪᠠᠶᠢᠭᠤᠯᠤᠮᠵᠢ ᠶᠢᠨ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃      ︵7︶ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ︵ᠡᠷᠡᠭᠦᠤ ᠶᠢᠨ ᠬᠡᠷᠡᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠰᠤᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠨ ᠠᠶᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠥᠪ︶᠃ ᠪᠦᠬᠦ ᠬᠤᠳᠠ ᠶᠢᠨ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠶᠢᠨ ᠪᠠᠶᠢᠳᠠᠯ ᠢ ᠡᠵᠡᠮᠰᠢᠵᠦ᠂ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠶᠢᠨ ᠮᠡᠳᠡᠭᠡ ᠵᠠᠩᠭᠢ ᠶᠢ ᠴᠤᠭᠯᠠᠭᠤᠯᠵᠤ᠂ ᠵᠠᠷᠯᠠᠨ ᠮᠡᠳᠡᠭᠳᠡᠵᠦ᠂ ᠰᠣᠯᠢᠯᠴᠠᠵᠤ᠂ᠤᠷᠢᠳᠴᠢᠯᠡᠨ  ᠰᠡᠷᠭᠡᠶᠢᠯᠡᠬᠦ  ᠂  ᠴᠤᠬᠢᠯᠲᠠ ᠦᠭᠬᠦ  ᠠᠷᠭ᠎ᠠ  ᠪᠤᠳᠤᠯᠭ᠎ᠠ ᠶᠢ ᠲᠤᠭᠲᠠᠭᠠᠨ᠎ᠠ᠃ ᠡᠷᠡᠭᠦᠦ ᠶᠢᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ  ᠥᠷᠨᠢᠭᠦᠯᠦᠨ᠎ᠡ᠃ ᠡᠮᠡᠭᠲᠡᠶᠢᠴᠦᠳ ᠬᠡᠤᠬᠡᠳ ᠢ ᠮᠡᠬᠡᠯᠡᠨ ᠬᠤᠳᠠᠯᠳᠤᠬᠤ᠂ ᠴᠠᠬᠢᠯᠭᠠᠨ ᠬᠤᠯᠪᠣᠭ᠎ᠠ ᠲᠣᠤᠷ ᠰᠦᠯᠵᠢᠶ᠎ᠡ ᠪᠠᠷ ᠮᠡᠬᠡᠯᠡᠬᠦ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠶᠢ ᠬᠠᠷᠢᠭᠤᠴᠠᠨ᠎ᠠ᠃ ᠡᠷᠡᠭᠦᠦ ᠶᠢᠨ ᠬᠡᠷᠡᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠬᠠᠷᠢᠭᠤᠴᠠᠵᠤ᠂ ᠡᠯ᠎ᠡ ᠲᠦᠷᠦᠯ ᠤᠨ ᠬᠡᠷᠡᠭ ᠤᠨ ᠲᠤᠬᠠᠶ ᠶᠢᠨ ᠲᠠᠯᠠᠪᠤᠷ ᠤᠨ ᠬᠠᠶᠢᠨ ᠪᠠᠶᠢᠴᠠᠭᠠᠯᠲᠠ᠂ ᠣᠷᠣ ᠮᠥᠷ ᠢ ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ ᠪᠠ ᠬᠠᠤᠯᠢ ᠶᠢᠨ ᠡᠮᠴᠢ ᠶᠢᠨ ᠬᠢᠨᠠᠨ ᠲᠣᠭᠲᠠᠭᠠᠯᠲᠠ ᠬᠢᠬᠦ ᠵᠢᠴᠢ ᠬᠡᠷᠡᠭ ᠲᠤ ᠬᠤᠯᠪᠣᠭᠳᠠᠭᠰᠠᠨ ᠭᠡᠷᠡᠴᠢ ᠪᠠᠷᠢᠮᠲᠠ ᠳᠤ ᠬᠢᠨᠠᠨ ᠲᠣᠭᠲᠠᠭᠠᠯᠲᠠ ᠬᠢᠵᠦ᠂ ᠰᠢᠯᠭᠠᠨ ᠪᠠᠶᠢᠴᠠᠭᠠᠵᠤ ᠵᠠᠳᠠᠯᠤᠯᠲᠠ ᠬᠢᠬᠦ ᠶᠢᠨ ᠬᠠᠮᠲᠤ ᠬᠢᠨᠠᠨ ᠲᠣᠭᠲᠠᠭᠠᠭᠰᠠᠨ ᠦᠷ᠎ᠡ ᠳ᠋ᠦᠩ ᠢ ᠭᠠᠷᠭᠠᠵᠤ ᠥᠭᠭᠦᠨ᠎ᠡ᠃ ᠪᠥᠬᠦ ᠬᠤᠲᠠ ᠶᠢᠨ ᠬᠤᠤᠷᠲᠤ ᠡᠳ᠋ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠬᠥᠳᠡᠯᠦᠯ ᠪᠠᠶᠢᠳᠠᠯ ᠢ ᠡᠵᠡᠮᠰᠢᠨ᠂ ᠬᠤᠤᠷᠲᠤ ᠡᠳ᠋ ᠢ ᠴᠠᠭᠠᠵᠠᠯᠠᠬᠤ ᠨᠢᠭᠤᠴᠠ ᠮᠡᠳᠡᠭᠡ ᠶᠢ ᠵᠠᠳᠠᠯᠤᠨ ᠰᠤᠳᠤᠯᠵᠤ ᠮᠠᠭᠠᠳᠯᠠᠬᠤ ᠠᠵᠢᠯ ᠢ ᠥᠷᠨᠢᠭᠦᠯᠵᠦ᠂ ᠤᠷᠢᠳᠴᠢᠯᠠᠨ ᠰᠡᠷᠭᠡᠶᠢᠯᠡᠬᠦ᠂ ᠴᠣᠬᠢᠯᠲᠠ ᠥᠭᠬᠦ ᠠᠷᠭ᠎ᠠ ᠪᠣᠳᠣᠯᠭ᠎ᠠ ᠶᠢ ᠲᠤᠭᠤᠷᠪᠢᠨ  ᠲᠣᠭᠲᠠᠭᠠᠨ᠎ᠠ᠃ ᠪᠦᠬᠦ ᠬᠤᠲᠠ ᠶᠢᠨ ᠬᠤᠣᠷᠲᠤ ᠡᠳ᠋ ᠤᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠮᠢᠨᠴᠦᠷᠡᠭᠦᠯᠬᠦ ᠡᠮ ᠤᠨ ᠵᠦᠢᠯ ᠤᠨ ᠡᠮ ᠳᠤ ᠣᠷᠣᠬᠤ ᠤᠤᠯ ᠤᠷᠭᠤᠮᠠᠯ᠂ ᠮᠢᠨᠴᠦᠷᠡᠭᠦᠯᠬᠦ ᠡᠮ ᠤᠨ ᠵᠦᠢᠯ ᠪᠠ ᠮᠡᠳᠡᠷᠡᠯ ᠤᠨ ᠡᠮ ᠤᠨ ᠵᠦᠢᠯ ᠤᠨ ᠣᠷᠣᠵᠤ ᠢᠷᠡᠬᠦ ᠬᠠᠤᠯᠢ ᠪᠤᠰᠤ ᠠᠷᠭ᠎ᠠ ᠵᠠᠮ ᠢ ᠪᠠᠶᠢᠴᠠᠭᠠᠨ  ᠰᠢᠢᠳᠪᠦᠷᠢᠯᠡᠬᠦ ᠠᠵᠢᠯ ᠢ ᠡᠭᠦᠷᠭᠡᠯᠡᠵᠦ᠂ ᠬᠤᠣᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠵᠦᠢᠯ ᠢ ᠵᠠᠬᠢᠷᠤᠨ ᠬᠠᠮᠢᠶᠠᠷᠬᠤ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠬᠤᠣᠷ ᠲᠠᠲᠠᠭᠴᠢᠳ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ  ᠥᠷᠨᠢᠭᠦᠯᠦᠨ᠎ᠡ᠃ ᠬᠤᠲᠠ ᠶᠢᠨ  ᠬᠤᠣᠷ ᠴᠠᠭᠠᠵᠠᠯᠠᠬᠤ ᠺᠣᠮᠢᠰ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃         ︵8︶ ᠴᠠᠭᠳᠠᠭᠠᠨ ᠤ ᠶᠠᠪᠤᠳᠠᠯ ᠤᠨ ᠲᠤᠰᠠᠯᠠᠬᠤ ᠶᠡᠭᠡ ᠠᠩᠬᠢ ︵ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠶᠡᠭᠡ ᠠᠩᠬᠢ︶᠃ ᠮᠡᠷᠭᠡᠵᠢᠯ ᠤᠨ ᠲᠤᠷᠰᠢᠨ ᠪᠠᠶᠢᠴᠠᠭᠠᠯᠲᠠ ᠵᠢᠴᠢ ᠰᠢᠨᠵᠢᠯᠡᠬᠦ ᠤᠬᠠᠭᠠᠨ ᠤ ᠰᠤᠳᠤᠯᠭᠠᠨ᠂ ᠲᠣᠨᠤᠭ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃  ᠢᠨᠲ᠋ᠧᠷ ᠰᠦᠯᠵᠢᠶᠡᠨ ᠤ ᠮᠡᠷᠭᠡᠵᠢᠯ ᠤᠨ ᠲᠤᠷᠰᠢᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠯᠵᠢᠶᠡᠨ ᠤ ᠮᠡᠷᠭᠡᠵᠢᠯ ᠤᠨ ᠠᠷᠭ᠎ᠠ ᠪᠠᠷᠢᠯ᠂ ᠬᠠᠷᠠᠭᠠᠨ ᠳᠠᠪᠲᠠᠮᠵᠢ ᠶᠢᠨ ᠵᠢᠷᠤᠭ ᠳᠦᠷᠰᠦ ᠶᠢ ᠲᠤᠷᠰᠢᠨ ᠪᠠᠶᠢᠴᠠᠭᠠᠬᠤ ᠠᠷᠭ᠎ᠠ ᠪᠠᠷᠢᠯ ᠤᠨ ᠪᠠᠶᠢᠭᠤᠯᠤᠯᠲᠠ ᠪᠠ ᠬᠡᠷᠡᠭᠯᠡᠯᠲᠡ ᠶᠢᠨ ᠠᠵᠢᠯ ᠢ ᠬᠠᠷᠢᠭᠤᠴᠠᠨ᠎ᠠ ᠃ ᠪᠥᠬᠦ ᠬᠤᠲᠠ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ᠂ ᠢᠨᠲ᠋ᠧᠷ ᠰᠦᠯᠵᠢᠶᠡᠨ ᠤ ᠬᠠᠤᠯᠢ ᠶᠢ ᠵᠥᠷᠢᠴᠡᠭᠰᠡᠨ‌ᠮᠡᠳᠡᠭᠡ ᠵᠠᠩᠭᠢ ᠶᠢ ᠬᠢᠨᠠᠨ ᠡᠵᠡᠮᠳᠡᠬᠦ᠂ ᠮᠡᠳᠡᠭᠡ ᠵᠠᠩᠭᠢ ᠶᠢᠨ ᠰᠦᠯᠵᠢᠶᠡᠨ ᠤ ᠬᠠᠤᠯᠢ ᠶᠢ ᠵᠥᠷᠢᠴᠡᠭᠰᠡᠨ ᠶᠠᠯᠠᠲᠤ ᠬᠡᠷᠡᠭ ᠢ ᠪᠠᠶᠢᠴᠠᠭᠠᠨ  ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ᠃ ᠰᠦᠯᠵᠢᠶᠡᠨ ᠤ ᠠᠮᠤᠷ ᠲᠦᠪᠰᠢᠨ ᠤ ᠵᠡᠷᠭᠡ ᠳᠡᠰ ᠤᠨ ᠬᠠᠮᠠᠭᠠᠯᠠᠯᠲᠠ᠂ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠵᠢᠨ‌ᠬᠠᠮᠠᠭᠠᠯᠠᠯᠲᠠ‌‍ᠪᠠ ᠰᠦᠯᠵᠢᠶᠡᠨ ᠤ ᠢᠲᠡᠭᠡᠮᠵᠢᠲᠦ ᠪᠡᠶ᠎ᠡ ᠬᠡᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠴᠢᠮᠡᠭᠡ ᠬᠤᠯᠪᠣᠭᠠᠨ ᠤ ᠪᠠᠲᠤᠯᠠᠭ᠎ᠠ᠂ ︽ᠤᠶᠤᠨᠲᠤ ᠳᠣᠲᠣᠭᠠᠳᠤ ᠶᠢ ᠬᠠᠮᠠᠭᠠᠯᠠᠬᠤ︾ ᠪᠠ ᠳᠣᠲᠣᠭᠠᠳᠤ ᠶᠢ ᠬᠠᠮᠠᠭᠠᠯᠠᠬᠤ ᠲᠣᠮᠣ ᠳ᠋ᠠᠶᠢᠲ᠋ᠠ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ  ᠵᠦᠢᠯ ᠲᠣᠭᠲᠠᠭᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠡᠭᠡᠭᠡᠨ ᠬᠥᠭᠵᠢᠭᠦᠯᠦᠯᠲᠡ᠂ ᠦᠷ᠎ᠡ ᠪᠦᠲᠦᠭᠡᠯ ᠤᠨ ᠬᠠᠮᠢᠶᠠᠷᠤᠯᠲᠠ ᠪᠠ ᠮᠡᠷᠭᠡᠵᠢᠯ ᠳᠡᠯᠭᠡᠷᠡᠭᠦᠯᠬᠦ ᠠᠵᠢᠯ ᠢ ᠡᠭᠦᠷᠭᠡᠯᠡᠨ᠎ᠡ᠃ ᠪᠥᠬᠦ ᠬᠤᠲᠠ ᠶᠢᠨ ᠣᠯᠠᠨ ᠨᠡᠶᠢᠲᠡ ᠶᠢᠨ ᠠᠮᠤᠷ ᠲᠦᠪᠰᠢᠨ ᠤ ᠠᠵᠢᠯ ᠲᠥᠷᠥᠯ ᠤᠨ ᠮᠡᠷᠭᠡᠵᠢᠯ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠮᠡᠷᠭᠡᠵᠢᠯ ᠤᠨ ᠬᠢᠨᠠᠯᠲᠠ ᠲᠠᠯᠪᠢᠬᠤ ᠶᠢ ᠬᠡᠷᠡᠭᠵᠢᠭᠦᠯᠦᠨ᠎ᠡ᠃ ᠪᠥᠬᠦ ᠬᠤᠲᠠ ᠶᠢᠨ ᠠᠮᠤᠷ ᠲᠦᠪᠰᠢᠨ ᠤ ᠮᠡᠷᠭᠡᠵᠢᠯ ᠤᠨ ᠰᠡᠷᠭᠡᠶᠢᠯᠡᠯᠲᠡ ᠶᠢᠨ ᠠᠵᠢᠯ ᠢ  ᠵᠢᠯᠣᠭᠤᠳᠤᠨ᠎ᠠ᠃     ︵9︶ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ᠃ ᠪᠥᠬᠦ ᠬᠤᠲᠠ ᠶᠢᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ  ᠶᠢ ᠬᠠᠷᠢᠭᠤᠴᠠᠨ᠎ᠠ᠃ᠵᠠᠮ ᠬᠠᠷᠢᠯᠴᠠᠭᠠᠨ ᠤ ᠭᠡᠨᠡᠳᠡᠯ ᠢ ᠰᠢᠢᠳᠪᠦᠷᠢᠯᠡᠵᠦ᠂ ᠵᠠᠮ ᠬᠠᠷᠢᠯᠴᠠᠭᠠᠨ ᠤ ᠭᠡᠨᠡᠳᠡᠯ ᠢ‌‍ᠪᠠᠶᠢᠴᠠᠭᠠᠬᠤ ᠪᠠ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠬᠤ  ᠠᠵᠢᠯ  ᠢ  ᠬᠠᠷᠢᠭᠤᠴᠠᠨ᠎ᠠ᠃ ᠵᠠᠮ ᠬᠠᠷᠢᠯᠴᠠᠭᠠᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠡᠮᠬᠢ ᠵᠢᠷᠤᠮ᠂ ᠵᠠᠰᠠᠮᠠᠯ ᠵᠠᠮ ᠤᠨ ᠠᠮᠤᠷ ᠲᠦᠪᠰᠢᠨ ᠤ ᠡᠮᠬᠢ ᠵᠢᠷᠤᠮ ᠢ ᠬᠠᠮᠠᠭᠠᠯᠠᠨ᠎ᠠ᠃ ᠪᠥᠬᠦ ᠬᠤᠲᠠ ᠶᠢᠨ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠴᠢᠬᠤᠯᠠ ᠶᠡᠭᠡ ᠠᠵᠢᠯᠯᠠᠭ᠎ᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠡᠭᠦᠷᠭᠡᠯᠡᠨ᠎ᠡ᠃ ᠲᠤᠬᠰᠢᠨ ᠬᠤᠣᠷᠲᠠᠢ ᠬᠢᠮᠢ ᠶᠢᠨ ᠵᠦᠢᠯ ᠤᠨ ᠵᠠᠮ ᠲᠡᠭᠡᠭᠡᠪᠦᠷᠢ ᠶᠢ ᠬᠢᠨᠠᠨ ᠬᠠᠷᠭᠤᠭᠤᠯᠬᠤ᠂ ᠮᠡᠳᠡᠭᠦᠯᠦᠨ ᠵᠥᠪᠰᠢᠶᠡᠷᠡᠭᠦᠯᠬᠦ ᠶᠢ ᠬᠠᠷᠢᠭᠤᠴᠠᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠮᠠᠰᠢᠨᠲᠤ ᠲᠡᠷᠭᠡ ︵ᠲᠷᠠᠺᠲ᠋ᠣᠷ ᠪᠠᠭᠲᠠᠬᠤ ᠥᠬᠡᠶ︶ ᠶᠢ ᠳᠠᠩᠰᠠᠯᠠᠬᠤ᠂ ᠮᠠᠰᠢᠨᠲᠤ ᠲᠡᠷᠭᠡᠨ ᠤ ᠠᠮᠤᠷ ᠲᠦᠪᠰᠢᠨ ᠤ ᠮᠡᠷᠭᠡᠵᠢᠯ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠲᠡᠮᠳᠡᠭ ᠢ ᠬᠠᠷᠭᠤᠭᠤᠯᠤᠨ ᠣᠯᠭᠤᠬᠤ ᠪᠠ ᠵᠢᠯᠣᠭᠤᠴᠢ ᠶᠢᠨ ᠰᠢᠯᠭᠠᠯᠲᠠ ᠳᠤ ᠦᠨᠡᠮᠯᠡᠯ ᠣᠯᠭᠤᠬᠤ ᠠᠵᠢᠯ ᠢ ᠡᠭᠦᠷᠭᠡᠯᠡᠨ᠎ᠡ᠃ ᠪᠥᠬᠦ ᠬᠤᠲᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠬᠠᠷᠢᠭᠤᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠬᠠᠮᠢᠶᠠᠷᠤᠨ᠎ᠠ᠃ ᠪᠥᠬᠦ ᠬᠤᠲᠠ ᠶᠢᠨ ᠵᠠᠮ᠂ ᠲᠡᠷᠭᠡᠨ ᠵᠣᠭᠰᠣᠭᠠᠯ ᠪᠠ ᠵᠠᠮ ᠤᠨ ᠢᠵᠢ ᠪᠦᠷᠢᠳᠦᠭᠦᠯᠬᠦ ᠪᠡᠯᠡᠳᠬᠡᠮᠵᠢ ᠶᠢᠨ ᠲᠥᠯᠥᠪᠵᠢᠭᠦᠯᠭᠡ᠂ ᠵᠢᠷᠤᠭ ᠲᠥᠯᠥᠪᠯᠡᠭᠡ᠂ ᠪᠥᠲᠥᠭᠡᠨ ᠪᠠᠶᠢᠭᠤᠯᠤᠯᠲᠠ ᠶᠢᠨ ᠠᠵᠢᠯ ᠳᠤ ᠣᠷᠣᠯᠴᠠᠨ᠎ᠠ᠃ ᠪᠦᠬᠦ ᠬᠤᠲᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠶᠢᠳᠠᠯᠭ᠎ᠠ ᠪᠠᠷ᠂ ᠪᠥᠬᠦ ᠬᠤᠲᠠ ᠶᠢᠨ ᠲᠦᠷᠭᠡᠨ ᠳᠠᠪᠬᠢᠬᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠢᠶᠠᠷᠴᠤ᠂ ᠪᠥᠬᠦ ᠬᠤᠲᠠ ᠶᠢᠨ ᠲᠦᠷᠭᠡᠨ ᠳᠠᠪᠬᠢᠬᠤ ᠵᠠᠰᠠᠮᠠᠯ ᠵᠠᠮ ᠤᠨ ᠬᠠᠷᠢᠶ᠎ᠠ ᠣᠷᠣᠨ ᠤ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠶᠠᠯᠠᠲᠤ ᠬᠡᠷᠡᠭ ᠵᠢᠴᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ  ᠰᠢᠢᠳᠪᠦᠷᠢᠯᠡᠬᠦ ᠴᠢᠬᠤᠯᠠᠲᠠᠶ ᠪᠤᠰᠤᠳ ᠬᠡᠷᠡᠭ ᠢ  ᠰᠢᠢᠳᠪᠦᠷᠢᠯᠡᠨ᠎ᠡ᠃      ︵10︶ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭ᠎ᠠ ᠶᠢᠨ ᠶᠡᠭᠡ ᠠᠩᠬᠢ᠃ ᠪᠦᠬᠦ ᠬᠤᠳᠠ ᠶᠢᠨ ᠰᠦᠷᠳᠡᠭᠦᠯᠦᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠶᠡᠷᠦᠩᠬᠡᠶᠢᠯᠡᠨ ᠵᠠᠳᠠᠯᠤᠨ ᠰᠤᠳᠤᠯᠵᠤ᠂ ᠪᠦᠬᠦ ᠬᠤᠳᠠ ᠶᠢᠨ ᠰᠦᠷᠳᠡᠭᠦᠯᠦᠯ ᠢ ᠡᠰᠡᠷᠭᠦᠴᠡᠬᠦ ᠠᠵᠢᠯᠯᠠᠭ᠎ᠠ ᠶᠢᠨ ᠣᠨᠴᠠᠯᠢᠭ ᠪᠠ ᠬᠠᠨᠳᠤᠰᠢ ᠶᠢ ᠡᠵᠡᠮᠰᠢᠵᠦ᠂ ᠰᠦᠷᠳᠡᠭᠦᠯᠬᠦ ᠵᠣᠬᠢᠶᠠᠨ ᠪᠠᠶᠢᠭᠤᠯᠤᠯᠲᠠ᠂ ᠬᠡᠷᠡᠭ ᠢ ᠲᠤᠷᠰᠢᠨ ᠪᠠᠶᠢᠴᠠᠭᠠᠬᠤ᠂ ᠪᠠᠶᠢᠴᠠᠭᠠᠬᠤ ᠠᠵᠢᠯ ᠢ ᠬᠠᠷᠢᠭᠤᠴᠠᠭᠤᠯᠬᠤ ᠪᠠᠷ ᠠᠷᠭᠠᠴᠠᠬᠤ ᠪᠤᠳᠤᠯᠭ᠎ᠠ ᠶᠢᠨ ᠰᠠᠨᠠᠭᠤᠯᠭ᠎ᠠ ᠶᠢ ᠴᠠᠭ ᠲᠤᠬᠠᠶ ᠳᠤᠨᠢ ᠳᠤᠷᠠᠳᠤᠨ ᠭᠠᠷᠭᠠᠵᠤ᠂ ᠡᠯ᠎ᠡ ᠵᠦᠢᠯ ‍ᠤᠨ‌‍ᠰᠦ᠋ᠷᠳᠡᠭᠦᠯᠦᠯ ‍ᠤᠨ‌‍ᠶᠠᠯᠠᠲᠤ ᠠᠵᠢᠯᠯᠠᠭ᠎ᠠ ᠳᠤ ᠴᠣᠬᠢᠯᠲᠠ ᠦᠭᠭᠦᠨ᠎ᠡ᠃ ᠪᠦᠬᠦ ᠬᠤᠳᠠ  ᠶᠢᠨ ᠰᠦᠷᠳᠡᠭᠦᠯᠦᠯ ᠢ ᠡᠰᠡᠷᠭᠦᠴᠡᠬᠦ ᠠᠵᠢᠯ ᠤᠨ ᠪᠡᠯᠡᠳᠬᠡᠯ  ᠲᠥᠰᠦᠯ ᠢ  ᠵᠣᠬᠢᠴᠠᠭᠤᠯᠤᠨ  ᠲᠣᠭᠲᠠᠭᠠᠵᠤ᠂ ᠰᠦᠷᠳᠡᠭᠦᠯᠦᠯ ᠤᠨ ᠲᠠᠭᠠᠷᠢᠯᠳᠠ ᠶᠢ ᠰᠡᠷᠭᠡᠶᠢᠯᠡᠬᠦ ᠭᠤᠣᠯᠳᠠᠯᠭ᠎ᠠ ᠲᠠᠢ ᠬᠠᠷᠠᠯᠲᠠ ᠶᠢ ᠲᠣᠭᠲᠠᠭᠠᠵᠤ᠂ ᠰᠦᠷᠳᠡᠭᠦᠯᠦᠯ ᠳᠤ ᠬᠤᠯᠪᠣᠭᠳᠠᠭᠰᠠᠨ ᠭᠤᠣᠯᠳᠠᠯᠭ᠎ᠠ ᠲᠠᠢ ᠬᠥᠮᠦᠰ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠳᠠ ᠶᠢᠨ ᠰᠦᠷᠳᠡᠭᠦᠯᠦᠯ ᠢ ᠡᠰᠡᠷᠭᠦᠴᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ᠴᠢᠬᠤᠯᠠ ᠶᠡᠭᠡ ᠪᠠᠴᠢᠮ ᠪᠠᠶᠢᠳᠠᠯ  ᠢ ᠠᠷᠭᠠᠴᠠᠨ  ᠰᠢᠢᠳᠪᠦᠷᠢᠯᠡᠬᠦ ᠠᠵᠢᠯ  ᠢ ᠬᠠᠷᠢᠭᠤᠴᠠᠨ᠎ᠠ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ᠂ ᠠᠮᠤᠷ ᠲᠦᠪᠰᠢᠨ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠴᠠᠭᠳᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ᠂ ᠴᠠᠭᠳᠠᠨ ᠲᠣᠭᠤᠷᠢᠵᠤ ᠵᠢᠵᠢᠭᠦᠷᠯᠡᠬᠦ ᠠᠵᠢᠯ ᠢ ᠬᠠᠷᠢᠭᠤᠴᠠᠨ᠎ᠠ᠃ ᠰᠦᠷᠳᠡᠭᠦᠯᠦᠯ ᠢ ᠡᠰᠡᠷᠭᠦᠴᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠲᠤᠳᠤᠮ ᠤᠨ ᠠᠵᠢᠯ ᠢ ᠡᠭᠦᠷᠭᠡᠯᠡᠨ᠎ᠡ᠃      ︵11︶ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ᠃ ᠪᠦᠬᠦ ᠬᠤᠳᠠ ᠶᠢᠨ ᠠᠵᠤ ᠠᠬᠤᠶ ᠶᠢᠨ ᠶᠠᠯᠠᠲᠤ ᠠᠵᠢᠯᠯᠠᠭ᠎ᠠ ᠶᠢᠨ ᠪᠠᠶᠢᠳᠠᠯ ᠢ ᠡᠵᠡᠮᠰᠢᠵᠦ᠂ ᠪᠦᠬᠦ ᠬᠤᠳᠠ ᠶᠢᠨ ᠠᠵᠤ ᠠᠬᠤᠶ ᠶᠢᠨ ᠶᠠᠯᠠᠲᠤ ᠠᠵᠢᠯᠯᠠᠭ᠎ᠠ ᠶᠢᠨ ᠪᠠᠶᠢᠳᠠᠯ ᠢ ᠵᠠᠳᠠᠯᠤᠨ ᠰᠤᠳᠤᠯᠵᠤ᠂ ᠤᠷᠢᠳᠴᠢᠯᠠᠨ ᠰᠡᠷᠭᠡᠶᠢᠯᠡᠬᠦ᠂ ᠴᠣᠬᠢᠯᠲᠠ ᠥᠭᠬᠦ ᠠᠷᠭ᠎ᠠ ᠪᠤᠳᠤᠯᠭ᠎ᠠ ᠶᠢ ᠲᠣᠭᠲᠠᠭᠠᠨ᠎ᠠ᠃ ᠪᠦᠬᠦ ᠬᠤᠲᠠ ᠶᠢᠨ ᠠᠵᠤ ᠠᠬᠤᠶ ᠶᠢᠨ ᠶᠠᠯᠠᠲᠤ ᠬᠡᠷᠡᠭ ᠢ ᠲᠤᠷᠰᠢᠨ ᠪᠠᠢᠴᠠᠭᠠᠬᠤ ᠠᠵᠢᠯ ᠢ ᠬᠠᠷᠢᠭᠤᠴᠠᠨ᠎ᠠ᠃ ᠦᠨᠡᠲᠦ ᠲᠡᠮᠳᠡᠭᠲᠦ᠂ ᠬᠤᠭᠤᠴᠠᠭᠠᠲᠤ ᠪᠠᠷᠠᠭ᠎ᠠ ᠵᠡᠷᠭᠡ ᠳᠤ ᠬᠤᠯᠪᠣᠭᠳᠠᠭᠰᠠᠨ ᠮᠥᠩᠭᠦᠨ ᠭᠦᠢᠯᠭᠡᠭᠡᠨ ᠤ ᠶᠠᠯᠠᠲᠤ ᠬᠡᠷᠡᠭ ᠢ ᠲᠤᠷᠰᠢᠨ ᠪᠠᠶᠢᠴᠠᠭᠠᠵᠤ  ᠰᠢᠢᠳᠪᠦᠷᠢᠯᠡᠬᠦ ᠶᠢ ᠬᠠᠷᠢᠭᠤᠴᠠᠨ᠎ᠠ᠃      ︵12︶ ᠢᠳᠡᠭᠡᠨ ᠤ ᠵᠦᠢᠯ ᠡᠮ ᠤᠨ ᠴᠠᠭᠠᠷᠢᠭ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ᠃ ᠪᠥᠬᠦ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ᠂ ᠢᠳᠡᠭᠡᠨ ᠪᠠ ᠡᠮ ᠤᠨ  ᠵᠦᠢᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠬᠦᠷᠢᠶᠡᠨ ᠳᠠᠬᠢ ᠶᠠᠯᠠᠲᠤ ᠠᠵᠢᠯᠯᠠᠭ᠎ᠠ ᠶᠢᠨ ᠬᠥᠳᠡᠯᠦᠯ ᠪᠠᠶᠢᠳᠠᠯ ᠢ ᠡᠵᠡᠮᠰᠢᠵᠦ᠂ᠤᠷᠢᠳᠴᠢᠯᠠᠨ ᠰᠡᠷᠭᠡᠶᠢᠯᠡᠬᠦ᠂ ᠴᠣᠬᠢᠯᠲᠠ ᠥᠭᠬᠦ ᠠᠷᠭ᠎ᠠ ᠪᠤᠳᠤᠯᠭ᠎ᠠ‌‍ᠲ᠋ᠣᠭᠲᠠᠭᠠᠨ᠎ᠠ᠃  ᠪᠦᠬᠦ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ᠂ ᠢᠳᠡᠭᠡᠨ ᠪᠠ ᠡᠮ ᠤᠨ  ᠵᠦᠢᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠠᠮᠢᠳᠤ ᠪᠣᠳᠠᠰ ᠤᠨ ᠠᠮᠤᠷ ᠲᠦᠪᠰᠢᠨ ᠵᠡᠷᠭᠡ ᠬᠦᠷᠢᠶᠡᠨ ᠳᠠᠬᠢ ᠶᠠᠯᠠᠲᠤ ᠬᠡᠷᠡᠭ ᠪᠠ ᠬᠠᠭᠤᠷᠮᠠᠭ ᠮᠠᠭᠤ ᠲᠠᠸᠠᠷ ᠢ ᠥᠢᠯᠡᠳᠴᠦ ᠪᠣᠷᠣᠯᠠᠭᠤᠯᠤᠭᠰᠠᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠠᠵᠢᠯ ᠢ ᠬᠠᠷᠢᠭᠤᠴᠠᠨ᠎ᠠ      ︵13︶ ᠵᠢᠭᠤᠯᠴᠢᠯᠠᠯ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠬᠢ᠃ ᠪᠥᠬᠦ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ᠂ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠪᠠ ᠬᠠᠤᠯᠢ ᠴᠠᠭᠠᠵᠠ ᠶᠢᠨ ᠤᠬᠠᠭᠤᠯᠭ᠎ᠠ ᠶᠢ ᠬᠠᠷᠢᠭᠤᠴᠠᠨ᠎ᠠ᠃ ᠵᠢᠭᠤᠯᠴᠢᠯᠠᠯ ᠳᠤ ᠣᠷᠣᠯᠴᠠᠭᠰᠠᠳ ᠤᠨ ᠪᠡᠶ᠎ᠡ ᠮᠠᠬᠠᠪᠣᠳ ᠡᠳ᠋ ᠬᠥᠷᠥᠩᠭᠡ ᠶᠢᠨ ᠠᠮᠤᠷ ᠲᠦᠪᠰᠢᠨ ᠳᠤ ᠬᠠᠯᠳᠠᠭᠰᠠᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠡᠮᠬᠢ ᠵᠢᠷᠤᠮ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠬᠡᠷᠡᠭ ᠢ ᠪᠠᠶᠢᠴᠠᠭᠠᠨ  ᠰᠢᠢᠳᠪᠦᠷᠢᠯᠡᠨ᠎ᠡ᠃ ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ᠂ ᠦᠵᠡᠮᠵᠢ ᠶᠢᠨ ᠣᠷᠣᠨ ᠤ ᠳᠣᠲᠣᠭᠠᠳᠤ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠪᠠᠶᠢᠴᠠᠭᠠᠵᠤ᠂ ᠵᠢᠯᠣᠭᠤᠳᠤᠨ᠎ᠠ᠃ ᠵᠢᠭᠤᠯᠴᠢᠯᠠᠭᠴᠢᠳ ᠤᠨ ᠴᠠᠭᠳᠠᠭ᠎ᠠ ᠳᠤ ᠮᠡᠳᠡᠭᠦᠯᠬᠦ ᠂ ᠲᠤᠰᠠᠯᠠᠮᠵᠢ  ᠭᠤᠶᠤᠬᠤ ᠶᠢ ᠬᠦᠯᠢᠶᠡᠨ ᠠᠪᠴᠤ ᠰᠢᠢᠳᠪᠦᠷᠢᠯᠡᠨ᠎ᠡ᠃  ᠪᠦᠬᠦ  ᠬᠤᠲᠠ ᠶᠢᠨ ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ ᠤ ᠠᠮᠤᠷ ᠢ ᠬᠠᠮᠠᠭᠠᠯᠠᠬᠤ ᠬᠠᠮᠢᠶᠠᠷᠤᠯᠲᠠ ᠡᠵᠡᠮᠳᠡᠯ ᠢ ᠵᠢᠯᠣᠭᠤᠳᠴᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠢ ᠬᠠᠮᠠᠭᠠᠯᠠᠬᠤ ᠡᠮᠬᠢ ᠳᠢᠭᠯᠢᠮ ᠢ ᠬᠠᠮᠠᠭᠠᠯᠠᠨ᠎ᠠ᠃      ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠭᠤᠣᠯ  ᠤᠨ  ᠪᠠᠷᠠᠭᠤᠨᠳᠡᠬᠢ  ᠬᠡᠷᠡᠭ  ᠡᠷᠬᠢᠯᠡᠬᠦ  ᠭᠠᠵᠠᠷ  ᠤᠨ ᠰᠢᠨ᠎ᠡ ᠬᠤᠲᠠ ᠣᠷᠣᠨ ᠰᠠᠭᠤᠴᠠ  ᠯᠦ ᠯᠢᠨ ᠵᠡᠭᠡᠯᠢ ᠶᠢᠨ ᠬᠤᠶᠢᠲᠤ ᠲᠠᠯ᠎ᠠ      ᠰᠢᠦᠳᠠᠨ ᠳ᠋ᠤᠭᠠᠷ᠄ 162650     ᠰᠦᠯᠵᠢᠶᠡᠨ ᠤ ᠬᠠᠶ᠋ᠢᠭ᠄ www.zhalantun.gov.cn     ᠠᠵᠢᠯ ᠤᠨ ᠤᠲᠠᠰᠤ᠄ 0470 — 3202899     ᠠᠵᠢᠯᠯᠠᠬᠤ ᠴᠠᠭ᠄ 9᠄ 00 — 12᠄ 00᠂ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶     ᠬᠠᠷᠢᠭᠤᠴᠠᠯᠭᠠᠲᠠᠨ᠄ ᠯᠢ ᠶᠠᠨ ᠯᠢᠩ     ︵ᠬᠤᠶᠠᠷ︶ ᠬᠢᠨᠠᠨ ᠬᠠᠮᠢᠶᠠᠷᠬᠤ ᠭᠠᠵᠠᠷ ᠲᠠᠯᠠᠪᠤᠷ       ᠵᠠᠯᠠᠨ ᠠᠶᠢᠯ ᠬᠤᠲᠠ ᠶᠢᠨ ᠬᠤᠷᠢᠭᠤᠯ ᠤᠨ ᠭᠠᠵᠠᠷ᠃ ᠬᠤᠷᠢᠭᠳᠠᠵᠤ ᠪᠠᠶᠢᠭ᠎ᠠ ᠬᠥᠮᠦᠨ ᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ᠂ ᠬᠤᠷᠢᠭᠳᠠᠵᠤ ᠪᠠᠶᠢᠭ᠎ᠠ ᠶᠠᠯ᠎ᠠ ᠬᠢᠭᠰᠡᠨ ᠰᠡᠵᠢᠭᠯᠡᠯᠲᠡᠶ ᠬᠥᠮᠦᠨ ᠪᠠ ᠶᠡᠯᠡᠳᠡᠠ ᠢ ᠰᠤᠷᠭᠠᠨ ᠬᠥᠮᠦᠵᠢᠭᠦᠯᠬᠦ ᠪᠠ ᠥᠭᠡᠷᠡᠴᠢᠯᠡᠬᠦ ᠠᠵᠢᠯ ᠢ ᠬᠠᠷᠢᠭᠤᠴᠠᠵᠤ᠂ ᠭᠢᠨᠳᠠᠨ ᠤ ᠳᠣᠲᠣᠷ᠎ᠠ ᠲᠤᠷᠰᠢᠨ ᠪᠠᠶᠢᠴᠠᠭᠠᠬᠤ ᠪᠠ ᠬᠤᠷᠢᠭᠳᠠᠵᠤ ᠪᠠᠶᠢᠭ᠎ᠠ ᠶᠡᠯᠡᠳᠡᠠ  ᠤ  ᠶᠠᠯᠠᠲᠤ   ᠠᠵᠢᠯᠯᠠᠭ᠎ᠠ ᠶᠢ ᠭᠦᠨ ᠮᠠᠯᠲᠠᠬᠤ ᠠᠵᠢᠯ ᠢ ᠬᠠᠷᠢᠭᠤᠴᠠᠵᠤ᠂ ᠡᠷᠡᠭᠦᠦ ᠶᠢᠨ ᠵᠠᠷᠭᠤ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠨ᠎ᠠ᠃       ᠵᠠᠯᠠᠨ ᠠᠶᠢᠯ ᠬᠤᠲᠠ ᠶᠢᠨ ᠲᠦᠷ ᠬᠤᠷᠢᠬᠤ ᠭᠠᠵᠠᠷ᠃ ᠵᠠᠰᠠᠭ ᠵᠠᠬᠢᠷᠭᠠᠨ ᠢᠶᠠᠷ ᠲᠦᠷ ᠬᠤᠷᠢᠬᠤ ᠰᠢᠢᠳᠭᠡᠯ ᠢ ᠬᠠᠷᠢᠭᠤᠴᠠᠨ ᠬᠡᠷᠡᠭᠵᠢᠭᠦᠯᠵᠦ᠂ ᠵᠠᠰᠠᠭ ᠵᠠᠬᠢᠷᠭᠠᠨ ᠢᠶᠠᠷ ᠲᠦᠷ ᠬᠤᠷᠢᠭᠳᠠᠭᠰᠠᠳ ᠢ ᠬᠠᠷᠠᠵᠤ ᠬᠠᠮᠢᠶᠠᠷᠬᠤ᠂ ᠰᠤᠷᠭᠠᠨ ᠬᠥᠮᠦᠵᠢᠭᠦᠯᠬᠦ ᠠᠵᠢᠯ ᠢ ᠬᠠᠷᠢᠭᠤᠴᠠᠨ᠎ᠠ᠃ ᠭᠤᠷᠪᠠ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ       ᠵᠠᠯᠠᠨ ᠠᠶᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 20 ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠭᠠᠷᠭᠠᠪᠠ᠄        ᠬᠤᠲᠠ ᠲᠣᠭᠤᠷᠢᠭ᠂ ᠰᠢᠶᠠᠩ ᠪᠠᠯᠭᠠᠰᠤᠨ ᠤ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ 19 ᠪᠣᠶ᠄ ᠵᠧᠩ ᠶᠠᠩ ᠲᠣᠮᠢᠯᠠᠭᠰᠠᠨ ᠰᠠᠯᠪᠤᠷᠢ᠂ ᠰᠢᠩ ᠬᠤᠸᠠ ᠲᠣᠮᠢᠯᠠᠭᠰᠠᠨ ᠰᠠᠯᠪᠤᠷᠢ᠂ ᠹᠠᠨ ᠷᠦᠩ ᠲᠣᠮᠢᠯᠠᠭᠰᠠᠨ ᠰᠠᠯᠪᠤᠷᠢ᠂ ᠰᠢᠶᠠᠩ ᠶᠠᠩ ᠲᠣᠮᠢᠯᠠᠭᠰᠠᠨ ᠰᠠᠯᠪᠤᠷᠢ᠂ ᠭᠤᠣᠯ  ᠤᠨ  ᠪᠠᠷᠠᠭᠤᠨᠳᠡᠬᠢ ᠲᠣᠮᠢᠯᠠᠭᠰᠠᠨ ᠰᠠᠯᠪᠤᠷᠢ᠂  ᠲᠡᠮᠦᠷ  ᠵᠠᠮ  ᠤᠨ  ᠵᠡᠭᠦᠨᠳᠡᠬᠢ ᠲᠣᠮᠢᠯᠠᠭᠰᠠᠨ ᠰᠠᠯᠪᠤᠷᠢ᠂  ᠲᠤᠸᠠᠨ  ᠵᠢᠶᠧ ᠲᠣᠮᠢᠯᠠᠭᠰᠠᠨ ᠰᠠᠯᠪᠤᠷᠢ᠂ ᠴᠢᠩᠭᠢᠰ ᠬᠠᠭᠠᠨ ᠤ ᠲᠣᠮᠢᠯᠠᠭᠰᠠᠨ ᠰᠠᠯᠪᠤᠷᠢ᠂ ᠳ᠋ᠠ ᠾᠧ ᠸᠠᠨ ᠤ ᠲᠣᠮᠢᠯᠠᠭᠰᠠᠨ ᠰᠠᠯᠪᠤᠷᠢ᠂   ᠨᠠᠨ  ᠮᠦ ᠣᠷᠴᠤᠨ  ᠦᠨᠳᠦᠰᠦᠲᠡᠨ ᠤ ᠲᠣᠮᠢᠯᠠᠭᠰᠠᠨ ᠰᠠᠯᠪᠤᠷᠢ᠂  ᠸᠧ ᠨᠢᠤ ᠾᠧ ᠲᠣᠮᠢᠯᠠᠭᠰᠠᠨ ᠰᠠᠯᠪᠤᠷᠢ᠂ ᠳᠠᠭᠤᠷ ᠦᠨᠳᠦᠰᠦᠲᠡᠨ ᠤ ᠲᠣᠮᠢᠯᠠᠭᠰᠠᠨ ᠰᠠᠯᠪᠤᠷᠢ᠂ ᠴᠠᠢ ᠾᠧ ᠲᠣᠮᠢᠯᠠᠭᠰᠠᠨ ᠰᠠᠯᠪᠤᠷᠢ᠂  ᠰᠠ  ᠮᠠ  ᠵᠢᠶᠧ  ᠡᠸᠡᠩᠬᠢ ᠦᠨᠳᠦᠰᠦᠲᠡᠨ  ᠤ ᠲᠣᠮᠢᠯᠠᠭᠰᠠᠨ ᠰᠠᠯᠪᠤᠷᠢ᠂   ᠸᠠᠲ  ᠰᠢᠶᠠᠩ ᠲᠣᠮᠢᠯᠠᠭᠰᠠᠨ ᠰᠠᠯᠪᠤᠷᠢ᠂ ᠵᠥᠩ ᠾᠧ ᠲᠣᠮᠢᠯᠠᠭᠰᠠᠨ ᠰᠠᠯᠪᠤᠷᠢ᠂ ᠮᠥᠬᠦᠴᠢ ᠲᠣᠮᠢᠯᠠᠭᠰᠠᠨ ᠰᠠᠯᠪᠤᠷᠢ᠂ ᠬᠤᠤ ᠷᠤᠤ ᠱᠠᠨ  ᠰᠠᠯᠪᠤᠷᠢ᠂ ᠬᠠᠳᠤ ᠭᠤᠣᠯ ᠤᠨ ᠲᠣᠮᠢᠯᠠᠭᠰᠠᠨ ᠰᠠᠯᠪᠤᠷᠢ᠃ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠴᠥᠮ ᠰᠲ᠋ᠣᠺ ᠤᠨ ᠳᠡᠰ ᠪᠣᠯᠤᠨ᠎ᠠ᠃       ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠭᠤᠣᠯ ᠲᠤᠰᠢᠶᠠᠯ ᠬᠠᠷᠢᠭᠤᠴᠠᠯᠭ᠎ᠠ᠄ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠬᠤ ᠨᠢᠭᠤᠴᠠ ᠮᠡᠳᠡᠭᠡ ᠮᠡᠳᠡᠭᠡ ᠵᠠᠩᠭᠢ ᠶᠢ ᠴᠤᠭᠯᠠᠭᠤᠯᠬᠤ᠂ ᠡᠵᠡᠮᠰᠢᠬᠦ᠂ ᠮᠡᠳᠡᠭᠦᠯᠬᠦ ᠶᠢ ᠬᠠᠷᠢᠭᠤᠴᠠᠨ᠎ᠠ᠃ ᠡᠷᠦᠬᠡ ᠠᠮᠠ ᠶᠢᠨ ᠳᠠᠩᠰᠠ᠂ ᠬᠥᠮᠦᠨ ᠠᠮᠠ ᠵᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠪᠠ ᠡᠷᠡᠭᠦᠦ ᠶᠢᠨ ᠬᠡᠷᠡᠭ ᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠲᠤᠰᠬᠠᠶ ᠠᠵᠢᠯ ᠤᠨ ᠰᠠᠯᠠᠭ᠎ᠠ ᠮᠥᠴᠢᠷ᠂ ᠴᠠᠭᠳᠠᠭᠠᠨ ᠤ ᠲᠦᠷᠦᠯ ᠤᠨ ᠬᠢᠨ ᠢ ᠬᠠᠪᠰᠤᠷᠴᠤ ᠬᠡᠷᠡᠭ ᠢ ᠢᠯᠡᠷᠡᠭᠦᠯᠦᠨ᠎ᠡ᠃ ᠬᠠᠷᠢᠶᠠᠲᠤ ᠣᠷᠣᠨ ᠤ ᠠᠮᠤᠷ ᠢ ᠬᠠᠮᠠᠭᠠᠯᠠᠬᠤ ᠵᠥᠪᠯᠡᠯ ᠵᠡᠷᠭᠡ ᠣᠯᠠᠨ ᠲᠦᠮᠡᠨᠴᠢ ᠴᠢᠨᠠᠷᠲᠠᠶ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠴᠤ  ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠠᠵᠢᠯ ᠢ ᠥᠷᠨᠢᠭᠦᠯᠦᠨ᠎ᠡ᠃ ᠬᠠᠷᠢᠶᠠᠲᠤ ᠣᠷᠣᠨ ᠤ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠤᠨ ᠳᠣᠲᠣᠭᠠᠳᠤ ᠶᠢᠨ ᠠᠮᠤᠷ ᠢ ᠬᠠᠮᠠᠭᠠᠯᠠᠬᠤ᠂ ᠮᠡᠷᠭᠡᠵᠢᠯ ᠤᠨ ᠰᠡᠷᠭᠡᠶᠢᠯᠡᠯᠲᠡ ᠶᠢᠨ ᠲᠥᠬᠦᠭᠡᠷᠦᠮᠵᠢ ᠶᠢᠨ ᠬᠡᠷᠡᠭᠯᠡᠯᠲᠡ ᠶᠢᠨ ᠠᠵᠢᠯ ᠢ ᠥᠷᠨᠢᠭᠦᠯᠬᠦ ᠶᠢ ᠵᠢᠭᠠᠨ  ᠵᠢᠯᠣᠭᠤᠳᠤᠨ‌‍ᠬᠢᠨᠠᠯᠲᠠ ᠲᠠᠯᠪᠢᠵᠤ᠂ ᠠᠮᠤᠷ ᠢ ᠬᠠᠮᠠᠭᠠᠯᠠᠬᠤ ᠭᠠᠶ ᠭᠠᠮᠰᠢᠭ ᠤᠨ ᠡ᠊ᠨᠳᠡᠯ ᠢ ᠤᠷᠢᠳᠴᠢᠯᠠᠨ ᠰᠡᠷᠭᠡᠶᠢᠯᠡᠬᠦ ᠪᠠ ᠤᠷᠢᠳᠴᠢᠯᠠᠨ  ᠰᠢᠢᠳᠪᠦᠷᠢᠯᠡᠬᠦ ᠠᠵᠢᠯ ᠳᠤ  ᠣᠷᠤᠯᠴᠠᠨ᠎ᠠ᠃ ᠠᠮᠤᠷ ᠢ ᠬᠠᠮᠠᠭᠠᠯᠠᠬᠤ ᠡᠶᠡᠳᠡᠭᠦᠯᠭᠡ ᠶᠢ ᠵᠣᠬᠢᠶᠠᠨ ᠪᠠᠶᠢᠭᠤᠯᠵᠤ᠂ ᠨᠡᠶᠢᠭᠡᠮ ᠤᠨ ᠵᠥᠷᠢᠴᠡᠯ ᠢ ᠤᠯᠠᠨ ᠡᠰᠢᠵᠢᠬᠦᠯᠦᠨ ᠰᠢᠢᠳᠪᠦᠷᠢᠯᠡᠬᠦ ᠳᠤ ᠣᠷᠣᠯᠴᠠᠨ᠎ᠠ᠃ ᠭᠤᠷᠪᠠᠳᠤᠭᠠᠷ ᠳᠡᠰ ᠤᠨ ᠭᠠᠯ ᠤᠨᠲᠠᠷᠠᠭᠠᠬᠤ ᠠᠵᠢᠯ ᠳᠤ ᠬᠢᠨᠠᠯᠲᠠ ᠲᠠᠯᠪᠢᠵᠤ ᠪᠠᠢᠴᠠᠭᠠᠬᠤ ᠠᠵᠢᠯ ᠢ ᠬᠠᠷᠢᠭᠤᠴᠠᠨ᠎ᠠ᠃ ᠬᠠᠷᠢᠶᠠᠲᠤ ᠣᠷᠣᠨ ᠤ ᠴᠠᠭᠳᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠪᠠ ᠠᠮᠤᠷ ᠢ ᠬᠠᠮᠠᠭᠠᠯᠠᠬᠤ ᠴᠠᠭᠳᠠᠨ ᠲᠣᠭᠤᠷᠢᠬᠤ ᠵᠡᠷᠭᠡ ᠠᠵᠢᠯ ᠢ ᠬᠠᠷᠢᠭᠤᠴᠠᠨ᠎ᠠ᠃        ᠵᠧᠩ ᠶᠠᠩ ᠲᠣᠮᠢᠯᠠᠭᠰᠠᠨ ᠰᠠᠯᠪᠤᠷᠢ      ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠪᠤᠲᠠᠬ᠎ᠠ ᠵᠠᠮ ᠤᠨ 160 ᠳ᠋ᠤᠭᠠᠷ ᠨᠣᠮᠧᠷ      ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 3202317      ᠠᠵᠢᠯᠯᠠᠬᠤ ᠴᠠᠭ᠄ ᠡᠷᠦᠬᠡ ᠠᠮᠠ ᠶᠢᠨ ᠲᠤᠬᠠᠶᠢᠯᠠᠭᠰᠠᠨ ᠠᠵᠢᠯ 9᠄ 00 — 12᠄ 00᠂ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠲᠠᠩ ᡁᠢ ᠭᠠᠩ       ᠰᠢᠩ ᠬᠤᠸᠠ ᠲᠣᠮᠢᠯᠠᠭᠰᠠᠨ ᠰᠠᠯᠪᠤᠷᠢ      ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠶᠠᠯᠦ ᠵᠡᠭᠡᠯᠢ ᠶᠢᠨ 37 ᠳ᠋ᠤᠭᠠᠷ ᠨᠣᠮᠧᠷ      ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 3203131      ᠠᠵᠢᠯᠯᠠᠬᠤ ᠴᠠᠭ᠄ ᠡᠷᠦᠬᠡ ᠠᠮᠠ ᠶᠢᠨ ᠲᠤᠬᠠᠶᠢᠯᠠᠭᠰᠠᠨ ᠠᠵᠢᠯ 9᠄ 00 — 12᠄ 00᠂ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠴᠧᠨ ᠬᠤᠩ ᠦ᠋       ᠹᠠᠨ  ᠷᠦᠩ ᠲᠣᠮᠢᠯᠠᠭᠰᠠᠨ ᠰᠠᠯᠪᠤᠷᠢ      ᠬᠠᠷᠢᠯᠴᠠᠬᠤ ᠬᠠᠶ᠋ᠢᠭ ᠄ ᠵᠠᠯᠠᠨ ᠠᠶᠢᠯ ᠬᠤᠲᠠ ᠵᠢᠨ‌‍ᠹᠠᠨ  ᠷᠦᠩ  ᠬᠡᠷᠡᠭ  ᠡᠷᠬᠢᠯᠡᠬᠦ  ᠭᠠᠵᠠᠷ ᠤᠨ  ᠷᠦᠨ  ᠲᠧᠩ ᠵᠢᠵᠢᠭ ᠲᠣᠭᠤᠷᠢᠭ ᠤᠨ 1 ᠳ᠋ᠦᠭᠡᠷ ᠬᠤᠭᠤᠴᠠᠭᠠᠨ ᠤ 2 ᠳ᠋ᠤᠭᠠᠷ ᠨᠣᠮᠧᠷᠲᠤ ᠳᠡᠯᠭᠡᠭᠦᠷ      ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 3302953      ᠠᠵᠢᠯᠯᠠᠬᠤ ᠴᠠᠭ᠄ ᠡᠷᠦᠬᠡ ᠠᠮᠠ ᠶᠢᠨ ᠲᠤᠬᠠᠶᠢᠯᠠᠭᠰᠠᠨ ᠠᠵᠢᠯ 9᠄ 00 — 12᠄ 00᠂ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠴᠧᠨ ᠳ᠋ᠠᠨ      ᠰᠢᠶᠠᠩ ᠶᠠᠩ ᠲᠣᠮᠢᠯᠠᠭᠰᠠᠨ ᠰᠠᠯᠪᠤᠷᠢ      ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠢᠦᠶ ᠯᠢᠨ ᠵᠠᠮ ᠤᠨ 10 ᠳ᠋ᠤᠭᠠᠷ ᠨᠣᠮᠧᠷ      ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 3302887      ᠠᠵᠢᠯᠯᠠᠬᠤ ᠴᠠᠭ᠄ ᠡᠷᠦᠬᠡ ᠠᠮᠠ ᠶᠢᠨ ᠲᠤᠬᠠᠶᠢᠯᠠᠭᠰᠠᠨ ᠠᠵᠢᠯ 9᠄ 00 — 12᠄ 00᠂ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠰᠦᠨ  ᠫᠸᠡᠭ       ᠲᠡᠮᠦᠷ  ᠵᠠᠮ  ᠤᠨ  ᠵᠡᠭᠦᠨᠳᠡᠬᠢ ᠲᠣᠮᠢᠯᠠᠭᠰᠠᠨ ᠰᠠᠯᠪᠤᠷᠢ      ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠲᠡᠮᠦᠷ  ᠵᠠᠮ  ᠶᠡᠭᠡ ᠵᠡᠭᠡᠯᠢ ᠶᠢᠨ 4 ᠳ᠋ᠦᠭᠡᠷ ᠨᠣᠮᠧᠷ      ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 3263509      ᠠᠵᠢᠯᠯᠠᠬᠤ ᠴᠠᠭ᠄ ᠡᠷᠦᠬᠡ ᠠᠮᠠ ᠶᠢᠨ ᠲᠤᠬᠠᠶᠢᠯᠠᠭᠰᠠᠨ ᠠᠵᠢᠯ 9᠄ 00 — 12᠄ 00᠂ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠽᠸᠦ ᠹᠠᠩ ᠬᠤᠸᠠ      ᠭᠤᠣᠯ  ᠤᠨ  ᠪᠠᠷᠠᠭᠤᠨᠳᠡᠬᠢ ᠲᠣᠮᠢᠯᠠᠭᠰᠠᠨ ᠰᠠᠯᠪᠤᠷᠢ      ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠭᠤᠣᠯ ᠤᠨ  ᠪᠠᠷᠠᠭᠤᠨᠳᠡᠬᠢ ᠬᠡᠷᠡᠭ  ᠡᠷᠬᠢᠯᠡᠬᠦ  ᠭᠠᠵᠠᠷ ᠤᠨ  ᠵᠧᠨ ᠰᠢᠩ ᠵᠠᠮ ᠤᠨ 24 ᠳ᠋ᠦᠭᠡᠷ ᠨᠣᠮᠧᠷ      ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 3250168      ᠠᠵᠢᠯᠯᠠᠬᠤ ᠴᠠᠭ᠄ ᠡᠷᠦᠬᠡ ᠠᠮᠠ ᠶᠢᠨ ᠲᠤᠬᠠᠶᠢᠯᠠᠭᠰᠠᠨ ᠠᠵᠢᠯ 9᠄ 00 — 12᠄ 00᠂ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠸᠠᠩ  ᠹᠧᠩ       ᠲᠤᠸᠠᠨ  ᠵᠢᠶᠧ ᠲᠣᠮᠢᠯᠠᠭᠰᠠᠨ ᠰᠠᠯᠪᠤᠷᠢ      ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠪᠤᠲᠠᠬ᠎ᠠ ᠡᠮᠦᠨ᠎ᠡ ᠵᠠᠮ      ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 3353710      ᠠᠵᠢᠯᠯᠠᠬᠤ ᠴᠠᠭ᠄ ᠡᠷᠦᠬᠡ ᠠᠮᠠ ᠶᠢᠨ ᠲᠤᠬᠠᠶᠢᠯᠠᠭᠰᠠᠨ ᠠᠵᠢᠯ 9᠄ 00 — 12᠄ 00᠂ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠵᠠᠩ ᠢᠦᠢ       ᠸᠧ ᠨᠢᠤ ᠾᠧ ᠲᠣᠮᠢᠯᠠᠭᠰᠠᠨ ᠰᠠᠯᠪᠤᠷᠢ      ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠸᠧ ᠨᠢᠤ ᠾᠧ ᠪᠠᠯᠭᠠᠰᠤᠨ ᠤ ᠮᠠ ᠴᠠᠩ ᠨᠥᠬᠦᠷᠯᠡᠯ ᠵᠠᠮ ᠤᠨ ᠰᠢᠨ ᠼᠦᠨ ᠭᠤᠳᠤᠮᠵᠢ      ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 3759110      ᠠᠵᠢᠯᠯᠠᠬᠤ ᠴᠠᠭ᠄ ᠡᠷᠦᠬᠡ ᠠᠮᠠ ᠶᠢᠨ ᠲᠤᠬᠠᠶᠢᠯᠠᠭᠰᠠᠨ ᠠᠵᠢᠯ 9᠄ 00 — 12᠄ 00᠂ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠦ᠋  ᠸᠧᠢ ᠰᠢᠨ      ᠨᠠᠨ  ᠮᠦ ᠣᠷᠴᠤᠨ  ᠦᠨᠳᠦᠰᠦᠲᠡᠨ ᠤ ᠲᠣᠮᠢᠯᠠᠭᠰᠠᠨ ᠰᠠᠯᠪᠤᠷᠢ       ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠨᠠᠨ ᠮᠥ ᠰᠢᠶᠠᠩ ᠤᠨ ᠯᠢᠨ ᠬᠠᠶ ᠵᠡᠭᠡᠯᠢ ︵ᠰᠢᠶᠠᠩ ᠤᠨ ᠵᠠᠰᠠᠭ ᠤᠨ ᠣᠷᠳᠣᠨ ᠤ ᠵᠡᠭᠦᠨ ᠲᠠᠯ᠎ᠠ︶      ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 3778418      ᠠᠵᠢᠯᠯᠠᠬᠤ ᠴᠠᠭ᠄ ᠡᠷᠦᠬᠡ ᠠᠮᠠ ᠶᠢᠨ ᠲᠤᠬᠠᠶᠢᠯᠠᠭᠰᠠᠨ ᠠᠵᠢᠯ 9᠄ 00 — 12᠄ 00᠂ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠬᠤᠸᠠᠩ ᠴᠧᠩ       ᠴᠢᠩᠭᠢᠰ ᠬᠠᠭᠠᠨ ᠤ ᠲᠣᠮᠢᠯᠠᠭᠰᠠᠨ ᠰᠠᠯᠪᠤᠷᠢ      ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠴᠢᠩᠭᠢᠰ ᠬᠠᠭᠠᠨ ᠪᠠᠯᠭᠠᠰᠤᠨ ᠤ ᠴᠧᠩ ᠵᠢᠶ ᠶᠡᠭᠡ ᠵᠡᠭᠡᠯᠢ      ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 3616110      ᠠᠵᠢᠯᠯᠠᠬᠤ ᠴᠠᠭ᠄ ᠡᠷᠦᠬᠡ ᠠᠮᠠ ᠶᠢᠨ ᠲᠤᠬᠠᠶᠢᠯᠠᠭᠰᠠᠨ ᠠᠵᠢᠯ 9᠄ 00 — 12᠄ 00᠂ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠸᠠᠩ ᠱᠤᠸᠠᠩ ᠰᠢ       ᠳ᠋ᠠ ᠾᠧ ᠸᠠᠨ ᠤ ᠲᠣᠮᠢᠯᠠᠭᠰᠠᠨ ᠰᠠᠯᠪᠤᠷᠢ      ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠳ᠋ᠠ ᠾᠧ ᠸᠠᠨ ᠪᠠᠯᠭᠠᠰᠤᠨ ᠤ ᠳ᠋ᠠ ᠰᠢᠩ ᠵᠢᠤᠢ ᠨᠢᠭᠡᠳᠦᠭᠡᠷ ᠵᠡᠭᠡᠯᠢ ᠶᠢᠨ 110 ᠳ᠋ᠤᠭᠠᠷ ᠨᠣᠮᠧᠷ      ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 3676120      ᠠᠵᠢᠯᠯᠠᠬᠤ ᠴᠠᠭ᠄ ᠡᠷᠦᠬᠡ ᠠᠮᠠ ᠶᠢᠨ ᠲᠤᠬᠠᠶᠢᠯᠠᠭᠰᠠᠨ ᠠᠵᠢᠯ 9᠄ 00 — 12᠄ 00᠂ ᠦᠳᠡ ᠶᠢᠨ ᠬᠤᠶᠢᠨᠠᠬᠢ 14᠄  00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄   ᠡᠦ ᠵᠢᠶᠠᠨ       ᠳᠠᠭᠤᠷ ᠦᠨᠳᠦᠰᠦᠲᠡᠨ ᠤ ᠲᠣᠮᠢᠯᠠᠭᠰᠠᠨ ᠰᠠᠯᠪᠤᠷᠢ      ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠳᠠᠭᠤᠷ ᠦᠨᠳᠦᠰᠦᠲᠡᠨ ᠤ ᠰᠢᠶᠠᠩ ᠤᠨ ᠬᠤᠶᠠᠳᠤᠭᠠᠷ ᠲᠣᠰᠬᠤᠨ ᠤ ᠢ ᠯᠠᠨ ᠵᠡᠭᠡᠯᠢ      ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 3791121      ᠠᠵᠢᠯᠯᠠᠬᠤ ᠴᠠᠭ᠄ ᠡᠷᠦᠬᠡ ᠠᠮᠠ ᠶᠢᠨ ᠲᠤᠬᠠᠶᠢᠯᠠᠭᠰᠠᠨ ᠠᠵᠢᠯ 9᠄ 00 — 12᠄ 00᠂ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠯᠢᠦ ᠮᠢᠩ       ᠵᠦᠩ ᠾᠧ ᠲᠣᠮᠢᠯᠠᠭᠰᠠᠨ ᠰᠠᠯᠪᠤᠷᠢ      ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠵᠦᠩ ᠾᠧ ᠪᠠᠯᠭᠠᠰᠤᠨ ᠤ ᠯᠣᠣ ᠶᠢᠦ ᠴᠠᠩ ᠵᠠᠮ ᠤᠨ 6 ᠳ᠋ᠤᠭᠠᠷ ᠨᠣᠮᠧᠷ      ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 3676120      ᠠᠵᠢᠯᠯᠠᠬᠤ ᠴᠠᠭ᠄ ᠡᠷᠦᠬᠡ ᠠᠮᠠ ᠶᠢᠨ ᠲᠤᠬᠠᠶᠢᠯᠠᠭᠰᠠᠨ ᠠᠵᠢᠯ 9᠄ 00 — 12᠄ 00᠂ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠵᠢᠶᠠᠩ ᠹᠸᠡᠭ      ᠮᠥᠬᠦᠴᠢ ᠲᠣᠮᠢᠯᠠᠭᠰᠠᠨ ᠰᠠᠯᠪᠤᠷᠢ      ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠮᠥᠬᠦᠴᠢ ᠪᠠᠯᠭᠠᠰᠤᠨ ᠤ ᠲᠥᠪ ᠵᠡᠭᠡᠯᠢ ᠭᠤᠳᠤᠮᠵᠢ ᠶᠢᠨ ᠬᠤᠶᠢᠲᠤ ᠲᠠᠯ᠎ᠠ      ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 3637110      ᠠᠵᠢᠯᠯᠠᠬᠤ ᠴᠠᠭ᠄ ᠡᠷᠦᠬᠡ ᠠᠮᠠ ᠶᠢᠨ ᠲᠤᠬᠠᠶᠢᠯᠠᠭᠰᠠᠨ ᠠᠵᠢᠯ 9᠄ 00 — 12᠄ 00᠂ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠮᠧᠩ   ᠳ᠋ᠧ   ᠭᠥᠸᠧ        ᠰᠠ  ᠮᠠ  ᠵᠢᠶᠧ   ᠲᠣᠮᠢᠯᠠᠭᠰᠠᠨ ᠰᠠᠯᠪᠤᠷᠢ      ᠬᠠᠶ᠋ᠢᠭ᠄ ᠵᠠᠯᠠᠨ ᠠᠶᠢᠯ ᠬᠤᠲᠠ ᠶᠢᠨ ᠰᠠ  ᠮᠠ  ᠵᠢᠶᠧ ᠰᠢᠶᠠᠩ ᠤᠨ ᠡᠸᠡᠩᠬᠢ ᠵᠠᠮ ᠤᠨ 009 ᠳ᠋ᠦᠭᠡᠷ ᠨᠣᠮᠧᠷ      ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 3656110      ᠠᠵᠢᠯᠯᠠᠬᠤ ᠴᠠᠭ᠄ ᠡᠷᠦᠬᠡ ᠠᠮᠠ ᠶᠢᠨ ᠲᠤᠬᠠᠶᠢᠯᠠᠭᠰᠠᠨ ᠠᠵᠢᠯ 9᠄ 00 — 12᠄ 00᠂ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠸᠠᠩ ᠯᠢ ᠵᠤ᠋       ᠸᠠᠲ  ᠰᠢᠶᠠᠩ ᠲᠣᠮᠢᠯᠠᠭᠰᠠᠨ ᠰᠠᠯᠪᠤᠷᠢ      ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠸᠠᠲ  ᠰᠢᠶᠠᠩ ᠤᠨ ᠵᠠᠰᠠᠭ ᠤᠨ ᠣᠷᠳᠣᠨ ᠤ ᠲᠠᠯᠠᠪᠠᠶ ᠶᠢᠨ 2 ᠳ᠋ᠤᠭᠠᠷ ᠨᠣᠮᠧᠷ      ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 3818110      ᠠᠵᠢᠯᠯᠠᠬᠤ ᠴᠠᠭ᠄ ᠡᠷᠦᠬᠡ ᠠᠮᠠ ᠶᠢᠨ ᠲᠤᠬᠠᠶᠢᠯᠠᠭᠰᠠᠨ ᠠᠵᠢᠯ 9᠄ 00 — 12᠄ 00᠂ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠹᠠᠨ ᠮᠸᠡᠭ      ᠬᠠᠳᠤ ᠭᠤᠣᠯ ᠤᠨ ᠲᠣᠮᠢᠯᠠᠭᠰᠠᠨ ᠰᠠᠯᠪᠤᠷᠢ      ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠬᠠᠳᠤ ᠭᠤᠤᠯ ᠪᠠᠯᠭᠠᠰᠤᠨ ᠤ ᠬᠥᠭᠦᠷᠭᠡ ᠶᠢᠨ ᠡᠮᠦᠨᠡᠬᠢ ᠬᠠᠳᠤ ᠭᠤᠤᠯ ᠲᠣᠰᠬᠤᠨ ᠤ 4 ᠳ᠋ᠦᠭᠡᠷ ᠵᠡᠭᠡᠯᠢ      ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 3698110      ᠠᠵᠢᠯᠯᠠᠬᠤ ᠴᠠᠭ᠄ ᠡᠷᠦᠬᠡ ᠠᠮᠠ ᠶᠢᠨ ᠲᠤᠬᠠᠶᠢᠯᠠᠭᠰᠠᠨ ᠠᠵᠢᠯ 9᠄ 00 — 12᠄ 00᠂ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠸᠠᠩ ᠺᠲ᠋ᠣᠮᠢᠯᠠᠭᠰᠠᠨ ᠰᠠᠯᠪᠤᠷᠢ‌‍ᠦ᠋ᠨ       ᠬᠤᠤ ᠷᠤᠤ ᠱᠠᠨ ᠲᠣᠮᠢᠯᠠᠭᠰᠠᠨ ᠰᠠᠯᠪᠤᠷᠢ      ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠬᠤᠤ ᠷᠤᠤ ᠱᠠᠨ ᠪᠠᠯᠭᠠᠰᠤᠨ ᠤ ᠲᠥᠪ ᠵᠡᠭᠡᠯᠢ ᠶᠢᠨ ᠬᠤᠶᠢᠲᠤ ᠲᠠᠯ᠎ᠠ      ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 3858110      ᠠᠵᠢᠯᠯᠠᠬᠤ ᠴᠠᠭ᠄ ᠡᠷᠦᠬᠡ ᠠᠮᠠ ᠶᠢᠨ ᠲᠤᠬᠠᠶᠢᠯᠠᠭᠰᠠᠨ ᠠᠵᠢᠯ 9᠄ 00 — 12᠄ 00᠂ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠸᠠᠩ ᠴᠤᠤ ᠹᠤᠩ      ᠴᠠᠢ ᠾᠧ ᠶᠢᠨ ᠲᠣᠮᠢᠯᠠᠭᠰᠠᠨ ᠰᠠᠯᠪᠤᠷᠢ      ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠴᠠᠢ ᠾᠧ ᠪᠠᠯᠭᠠᠰᠤᠨ ᠤ ᠰᠢᠨ ᠶᠤᠸᠠᠢ ᠵᠡᠭᠡᠯᠢ ᠶᠢᠨ 8 ᠳ᠋ᠤᠭᠠᠷ ᠨᠣᠮᠧᠷ      ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 3868110      ᠠᠵᠢᠯᠯᠠᠬᠤ ᠴᠠᠭ᠄ ᠡᠷᠦᠬᠡ ᠠᠮᠠ ᠶᠢᠨ ᠲᠤᠬᠠᠶᠢᠯᠠᠭᠰᠠᠨ ᠠᠵᠢᠯ 9᠄ 00 — 12᠄ 00᠂ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠯᠢ ᠰᠢᠨ  ᠴᠢᠩᠭᠢᠰ  ᠬᠠᠭᠠᠨ  ᠤ ᠨᠢᠰᠬᠡᠯ ᠤᠨ ᠪᠠᠭᠤᠳᠠᠯ ᠤᠨ ᠲᠣᠮᠢᠯᠠᠭᠰᠠᠨ ᠰᠠᠯᠪᠤᠷᠢ 1 ᠪᠣᠶ᠃      ᠭᠤᠣᠯ ᠡᠭᠦᠷᠭᠡ ᠬᠠᠷᠢᠭᠤᠴᠠᠯᠭ᠎ᠠ᠄ ᠨᠢᠰᠬᠡᠯ  ᠤᠨ ᠪᠠᠭᠤᠳᠠᠯ   ᠤᠨ ᠠᠭᠠᠷ  ᠤᠨ ᠲᠡᠭᠡᠭᠡᠪᠦᠷᠢ ᠶᠢᠨ ᠠᠮᠤᠷ ᠲᠦᠪᠰᠢᠨ  ᠢ ᠬᠠᠮᠠᠭᠠᠯᠠᠬᠤ ᠬᠢᠭᠡᠳ ᠠᠮᠤᠷ  ᠢ ᠬᠠᠮᠠᠭᠠᠯᠠᠬᠤ ᠡᠮᠬᠢ ᠳᠢᠭᠯᠢᠮ  ᠢ ᠬᠠᠮᠠᠭᠠᠯᠠᠬᠤ ᠠᠵᠢᠯ  ᠢ ᠡᠭᠦᠷᠭᠡᠯᠡᠵᠦ᠂ ᠤᠯᠤᠰ  ᠤᠨ ᠠᠭᠠᠷ  ᠤᠨ ᠲᠡᠭᠡᠭᠡᠪᠦᠷᠢ ᠶᠢᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠭᠡᠳ ᠲᠣᠮᠢᠯᠠᠭᠰᠠᠨ ᠪᠠᠶᠢᠭᠤᠯᠤᠮᠵᠢ ᠶᠢᠨ ᠵᠢᠯᠤᠭᠤᠳᠤᠯᠭ᠎ᠠ᠂ ᠪᠠᠶᠢᠴᠠᠭᠠᠯᠲᠠ ᠪᠠ ᠬᠢᠨᠠᠯᠲᠠ ᠲᠠᠯᠪᠢᠯᠲᠠ ᠶᠢ ᠬᠦᠯᠢᠶᠡᠨ᠎ᠡ᠃      ᠴᠢᠩᠭᠢᠰ ᠬᠠᠭᠠᠨ ᠤ ᠨᠢᠰᠬᠡᠯ ᠤᠨ ᠪᠠᠭᠤᠳᠠᠯ ᠤᠨ ᠲᠣᠮᠢᠯᠠᠭᠰᠠᠨ ᠰᠠᠯᠪᠤᠷᠢ      ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠴᠢᠩᠭᠢᠰ ᠬᠠᠭᠠᠨ ᠪᠠᠯᠭᠠᠰᠤᠨ ᠤ ᠳ᠋ᠦᠩ  ᠳ᠋ᠧ  ᠱᠧᠩ ᠲᠣᠰᠬᠤᠨ ︵ᠴᠢᠩᠭᠢᠰ ᠬᠠᠭᠠᠨ ᠤ ᠨᠢᠰᠬᠡᠯ ᠤᠨ ᠪᠠᠭᠤᠳᠠᠯ︶      ᠰᠢᠦᠳᠠᠨ ᠳ᠋ᠤᠭᠠᠷ᠄ 162650       ᠰᠦᠯᠵᠢᠶᠡᠨ ᠤ ᠬᠠᠶ᠋ᠢᠭ᠄ www.zhalantun.gov.cn      ᠠᠵᠢᠯ ᠤᠨ ᠤᠲᠠᠰᠤ᠄ 0470 — 2919538      ᠠᠵᠢᠯᠯᠠᠬᠤ ᠴᠠᠭ᠄ 24 ᠴᠠᠭ      ᠬᠠᠷᠢᠭᠤᠴᠠᠯᠭᠠᠲᠠᠨ᠄ ᠹᠦ᠋ ᠵᠢᠶᠦ᠋ᠨ
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ