ᠰᠢᠶᠠᠩ ᠶᠠᠩ ᠵᠡᠭᠡᠯᠢ ᠭᠤᠳᠤᠮᠵᠢ᠄ ᠠᠷᠢᠭᠤᠨ ᠴᠢᠬᠡᠴᠢ ᠬᠡᠷ ᠤᠨ ᠰᠤᠷᠲᠠᠯ ᠢ ᠪᠣᠶ ᠪᠣᠯᠭᠠᠵᠤ ᠰᠤᠷᠲᠠᠯ ᠴᠢᠬᠡᠴᠢ  ᠣᠪᠤᠷ ᠲᠦᠪ ᠢ  ᠬᠠᠳᠠᠭᠠᠯᠠᠶ᠎ᠠ
ᠨᠡᠶᠢᠲᠡᠯᠡᠭᠰᠡᠨ ᠴᠠᠭ᠄
2023/8/7
      ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠠᠬᠢᠭᠤᠯᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠪᠦᠯᠬᠦᠮᠳᠡᠨ ᠲᠡᠮᠡᠴᠡᠬᠦ ᠴᠠᠭ ᠦᠶ᠎ᠡ ᠶᠢᠨ ᠰᠢᠨ᠎ᠡ ᠰᠤᠷᠲᠠᠯ ᠢ ᠬᠠᠳᠠᠭᠠᠯᠠᠬᠤ ᠶᠢᠨ ᠲᠥᠯᠥᠭᠡ᠂ 7 ᠰᠠᠷ᠎ᠠ ᠶᠢᠨ 11      ᠤ ᠡᠳᠦᠷ᠂ ᠰᠢᠶᠠᠩ ᠶᠠᠩ ᠵᠡᠭᠡᠯᠢ ᠭᠤᠳᠤᠮᠵᠢ ᠶᠢᠨ ᠶᠢᠨ ᠰᠢᠩ ᠨᠡᠶᠢᠭᠡᠮ ᠲᠣᠭᠤᠷᠢᠭ ᠲᠤ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠠᠵᠢᠯ ᠵᠢᠴᠢ ᠠᠷᠢᠭᠤᠨ ᠴᠢᠬᠡᠴᠢ ᠭᠡᠷ ᠤᠨ ᠰᠤᠷᠲᠠᠯ ᠢ ᠲᠦᠮᠡᠨ ᠡᠷᠦᠬᠡ ᠳᠤ ᠬᠦᠷᠭᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃         ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠭᠤᠤᠯ ᠬᠠᠷᠢᠭᠤᠴᠠᠯᠭᠠᠲᠠᠨ ᠬᠡᠷ ᠪᠦᠯᠢ ᠭᠡᠭᠴᠢ ᠶᠠᠭᠤ ᠪᠣᠯᠬᠤ ᠵᠢᠴᠢ ᠬᠡᠷ ᠪᠦᠯᠢ ᠶᠢᠨ ᠠᠮᠢᠳᠤᠷᠠᠯ ᠤᠨ ᠳᠤᠮᠳᠠ ᠦᠵᠡᠭᠦᠯᠦᠭᠰᠡᠨ ᠢᠳᠡᠪᠬᠢᠲᠡᠶ ᠤᠶᠢᠯᠡᠳᠤᠯ ᠵᠡᠷᠭᠡ ᠲᠠᠯ᠎ᠠ ᠪᠠᠷ ᠭᠤᠤᠯᠯᠠᠭᠤᠯᠤᠨ᠂ ᠬᠡᠷ ᠤᠨ ᠰᠤᠷᠲᠠᠯ ᠬᠡᠷ ᠤᠨ ᠰᠤᠷᠭᠠᠯ ᠤᠨ ᠴᠢᠬᠤᠯᠠ ᠴᠢᠨᠠᠷ ᠢ ᠣᠯᠠᠨ ᠳᠤ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠠᠶᠢᠯᠪᠤᠷᠢᠯᠠᠵᠤ ᠥᠭᠴᠡᠶ᠃ ᠨᠡᠶᠢᠭᠡᠮ ᠲᠣᠭᠤᠷᠢᠭ ᠤᠨ ᠺᠠᠳ᠋ᠷ᠂ ᠰᠠᠭᠤᠭᠠᠯᠢ ᠠᠷᠠᠳ ᠤᠨ ᠨᠠᠮ ᠤᠨ ᠭᠡᠰᠢᠭᠦᠨ ᠢ ᠲᠠᠶᠢᠴᠢᠯᠠᠨ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠭᠦᠯᠵᠦ᠂ ᠪᠡᠶ᠎ᠡ ᠪᠠᠷ ᠢᠶᠠᠨ ᠬᠡᠪ ᠳᠠᠭᠤᠷᠢᠶᠠᠯ ᠦᠵᠡᠭᠦᠯᠵᠦ᠂ ᠠᠷᠢᠭᠤᠨ ᠴᠢᠬᠡᠴᠢ ᠪᠠᠷ ᠳᠣᠲᠣᠭᠠᠳᠤ ᠳᠠᠭᠠᠨ ᠲᠤᠰᠠᠯᠠᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠭᠡᠷ ᠪᠦᠯᠢ ᠶᠢᠨ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠲᠤ ᠪᠤᠢ ᠪᠣᠯᠭᠠᠬᠤ ᠬᠡᠷᠡᠭᠲᠡᠶ᠃       ᠲᠤᠰ ᠤᠳᠠᠭᠠᠨ ᠤ ᠠᠵᠢᠯᠯᠠᠭ᠎ᠠ ᠨᠢ ᠠᠷᠢᠭᠤᠨ ᠴᠢᠬᠡᠴᠢ ᠶᠢ ᠡᠷᠬᠢᠮᠯᠡᠬᠦ ᠦᠵᠡᠯ ᠰᠠᠨᠠᠭ᠎ᠠ ᠶᠢ ᠤᠷᠢᠬᠠᠨ ᠰᠠᠯᠬᠢ ᠥᠭᠭᠢᠶᠡᠮᠦᠷ ᠬᠤᠷ᠎ᠠ ᠮᠡᠲᠦ ᠪᠠᠷ ᠨᠡᠶᠢᠭᠡᠮ ᠲᠣᠭᠤᠷᠢᠭ ᠲᠤ ᠨᠡᠪᠴᠢᠭᠦᠯᠦᠨ᠂ ᠭᠡᠷ ᠪᠦᠯᠢ ᠳᠤ ᠠᠭᠤᠰᠬᠠᠵᠤ᠂ ᠬᠠᠯᠠᠭᠤᠨ ᠳᠤᠯᠠᠭᠠᠨ ᠡᠶ᠎ᠡ ᠵᠣᠬᠢᠴᠠᠯ ᠲᠠᠢ᠂ ᠠᠷᠢᠭᠤᠨ ᠴᠢᠬᠡᠴᠢ ᠶᠢ ᠡᠷᠬᠢᠮᠯᠡᠬᠦ᠂ ᠠᠷᠢᠭᠤᠨ ᠴᠢᠬᠡᠴᠢ ᠶᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠶᠢᠨ ᠰᠢᠩ ᠨᠡᠶᠢᠭᠡᠮ ᠲᠣᠭᠤᠷᠢᠭ ᠤᠨ ᠬᠢᠨ ᠤᠯᠠᠨ ᠵᠦᠢᠯ ᠤᠨ ᠬᠡᠯᠪᠡᠷᠢ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠷᠢᠭᠤᠨ ᠴᠢᠬᠡᠴᠢ ᠶᠢ ᠡᠷᠬᠢᠮᠯᠡᠵᠦ ᠢᠯᠵᠢᠷᠡᠯ ᠢ ᠡᠰᠡᠷᠭᠦᠴᠡᠬᠦ ᠦᠷᠳᠡᠭ ᠤᠨ ᠣᠶᠢᠯᠠᠭᠠᠭᠳᠠᠬᠤᠨ ᠢ ᠨᠠᠮ ᠤᠨ ᠭᠡᠰᠢᠭᠦᠨ᠂ ᠤᠯᠠᠨ ᠲᠦᠮᠡᠨ ᠤ ᠰᠡᠳᠬᠢᠯ ᠳᠤ ᠦᠨᠡᠨᠬᠦ ᠬᠠᠳᠠᠩᠰᠢᠭᠤᠯᠤᠨ᠎ᠠ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ