ᠵᠠᠯᠠᠨ ᠠᠶᠢᠯ ᠬᠤᠲᠠ ᠶᠢᠨ ᠲᠣᠭᠤᠷᠢᠭ ᠤᠨ ᠳᠤᠯᠠᠭᠠᠯᠭ᠎ᠠ ᠶᠢᠨ  ᠰᠦᠢᠳᠭᠡᠯ ᠬᠤᠷᠢᠶᠠᠬᠤ ᠪᠠᠷᠢᠮᠵᠢᠶ᠎ᠠ ᠳᠤ ᠲᠣᠬᠢᠷᠠᠭᠤᠯᠤᠯᠲᠠ‌‍ᠬᠢᠵᠦ‌ᠨᠡᠶᠢᠭᠡᠮ ᠤᠨᠲᠣᠭᠲᠠᠭᠤᠨ ᠪᠠᠶᠢᠳᠠᠯ ‍ᠤᠨ‌‍ᠲ᠋ᠦ᠋ᠭᠰᠢᠭᠦᠷᠢ ᠶᠢ ᠢᠯᠡ ᠨᠡᠶᠢᠲᠡᠯᠡᠬᠦ ᠲ᠊
ᠨᠡᠶᠢᠲᠡᠯᠡᠭᠰᠡᠨ ᠴᠠᠭ᠄
2023/9/1
      ᠨᠢᠭᠡ᠂ ᠬᠡᠷᠡᠭ ᠶᠠᠪᠤᠳᠠᠯ ᠤᠨ ᠲᠦᠢᠮᠣ ᠪᠠᠶᠢᠳᠠᠯ      ᠣᠶᠢᠷ᠎ᠠ ᠶᠢᠨ ᠵᠢᠯ ᠳᠤ ᠨᠡᠭᠦᠷᠡᠰᠦᠨ ᠤ ᠦᠨ᠎ᠡ ᠵᠢᠯ ᠳᠠᠷᠠᠭᠠᠯᠠᠨ ᠥᠰᠴᠦ ᠢᠯᠴᠢ ᠬᠠᠩᠭᠠᠬᠤ ᠠᠵᠤ ᠠᠬᠤᠶᠢᠯᠠᠯ ᠤᠨ ᠥᠪᠡᠷ ᠤᠨ ᠥᠷᠲᠡᠭ ᠳᠡᠭᠡᠭᠰᠢᠯᠡᠭᠰᠡᠨ ᠠᠴᠠ ᠪᠣᠯᠵᠣ᠂ ᠢᠯᠴᠢ ᠬᠠᠩᠭᠠᠬᠤ ᠠᠵᠤ ᠠᠬᠤᠶᠢᠯᠠᠯ ᠤᠨ ᠵᠢᠯ ᠳᠠᠷᠠᠭᠠᠯᠠᠨ ᠠᠯᠳᠠᠭᠳᠠᠯ ᠲᠠᠢ ᠡᠵᠡᠩᠨᠡᠯᠲᠡ ᠬᠦᠴᠢᠷᠳᠡᠯ ᠳᠤ ᠲᠤᠯᠭᠠᠷᠠᠵᠠᠶ᠃ ᠢᠯᠴᠢ ᠬᠠᠩᠭᠠᠬᠤ ᠠᠵᠤ ᠠᠬᠤᠶᠢᠯᠠᠯ  ᠤᠨ ᠳᠠᠷᠤᠯᠲᠠ ᠶᠢ ᠨᠠᠮᠳᠠᠭᠤᠯᠬᠤ ᠶᠢᠨ ᠲᠤᠰᠠᠳᠠ᠂ ᠬᠤᠳᠠ ᠶᠢᠨ ᠢᠯᠴᠢ ᠬᠠᠩᠭᠠᠬᠤ ᠦᠨ᠎ᠡ ᠬᠠᠩᠰᠢ ᠶᠢ ᠠᠯᠬᠤᠮ ᠠᠯᠬᠤᠮ ᠢᠶᠠᠷ ᠰᠢᠯᠤᠭᠤᠳᠬᠠᠵᠤ᠂ ᠠᠵᠤ ᠠᠬᠤᠶᠢᠯᠠᠯ ᠤᠨ ᠬᠡᠪ  ᠤᠨ ᠦᠢᠯᠡᠳᠪᠦᠷᠢᠯᠡᠯ ᠡᠵᠡᠩᠨᠡᠯᠲᠡ ᠶᠢ ᠪᠠᠲᠤᠯᠠᠬᠤ ᠪᠠ ᠰᠠᠭᠤᠭᠠᠯᠢ ᠠᠷᠠᠳ  ᠤᠨ ᠡᠪᠦᠯ  ᠤᠨ ᠤᠯᠠᠷᠢᠯ  ᠤᠨ ᠬᠡᠪ  ᠤᠨ ᠳᠤᠯᠠᠭᠠᠯᠠᠭ᠎ᠠ ᠶᠢ ᠪᠠᠲᠤᠯᠠᠨ᠎ᠠ᠃ ︽ᠵᠠᠯᠠᠨ ᠠᠶᠢᠯ ᠤᠨ ᠰᠢᠨ᠎ᠡ ᠪᠠᠷ ᠮᠠᠨᠳᠤᠭᠰᠠᠨ ᠬᠠᠮᠲᠤᠷᠠᠭᠰᠠᠨ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ︾ ᠤᠨ ᠵᠠᠯᠠᠨ ᠠᠶᠢᠯ ᠤᠨ ᠢᠯᠴᠢ ᠶᠢᠨ ᠴᠠᠬᠢᠯᠭᠠᠨ ᠤ  ᠦᠢᠯᠡᠳᠪᠦᠷᠢ᠂ ᠵᠠᠯᠠᠨ ᠠᠶᠢᠯ ᠬᠤᠲᠠ ᠶᠢᠨ ᠰᠢᠨ᠎ᠡ ᠬᠤᠲᠠ ᠶᠢᠨ ᠲᠥᠪᠯᠡᠷᠡᠭᠦᠯᠦᠨ ᠢᠯᠴᠢ ᠬᠠᠩᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠶᠢᠷᠠᠭᠤᠯᠤᠨ ᠵᠣᠬᠢᠶᠠᠭᠰᠠᠨ ︽ᠢᠯᠴᠢ ᠬᠠᠩᠭᠠᠬᠤ ᠥᠪᠡᠷ ᠤᠨ ᠥᠷᠲᠡᠭ ᠤᠨ ᠲᠤᠰᠬᠠᠶ ᠵᠦᠢᠯ  ᠤᠨ ᠬᠢᠨᠠᠨ ᠪᠤᠳᠤᠯᠲᠠ ᠶᠢᠨ ᠮᠡᠳᠡᠭᠦᠯᠦᠯᠲᠡ︾ ᠶᠢ ᠦᠨᠳᠦᠰᠦᠯᠡᠨ᠂ ᠵᠠᠯᠠᠨ ᠠᠶᠢᠯ ᠬᠤᠲᠠ ᠶᠢᠨ ᠬᠤᠲᠠ ᠶᠢᠨ ᠲᠣᠭᠤᠷᠢᠭ ᠤᠨ ᠢᠯᠴᠢ ᠬᠠᠩᠭᠠᠬᠤ ᠦᠨ᠎ᠡ ᠬᠠᠩᠰᠢ ᠳᠤ ᠲᠣᠬᠢᠷᠠᠭᠤᠯᠤᠯᠲᠠ ᠬᠢᠨ᠎ᠠ᠃ ᠰᠠᠭᠤᠭᠠᠯᠢ ᠠᠷᠠᠳ ᠰᠠᠷ᠎ᠠ ᠪᠦᠷᠢ 0.3 ᠲᠥᠭᠦᠷᠢᠭ ᠳᠡᠭᠡᠭᠰᠢᠯᠡᠭᠦᠯᠬᠦ ᠪᠠᠷ ᠲᠥᠯᠥᠪᠯᠡᠵᠦ ᠪᠣᠶ︔ ᠰᠠᠭᠤᠭᠠᠯᠢ ᠠᠷᠠᠳ ᠤᠨ ᠪᠤᠰᠤ ᠬᠥᠮᠦᠰ ᠢ ᠲᠡᠭᠰᠢ ᠳᠥᠷᠪᠡᠯᠵᠢᠨ ᠮᠧᠲᠷ ᠪᠦᠷᠢ ᠳᠡᠭᠡᠨ 0.8 ᠲᠥᠭᠦᠷᠢᠭ ᠳᠡᠭᠡᠭᠰᠢᠯᠡᠭᠦᠯᠬᠦ ᠪᠠᠷ ᠲᠥᠯᠥᠪᠯᠡᠵᠦ ᠪᠠᠶᠢᠨ᠎ᠠ᠃     ᠬᠤᠶᠠᠷ᠂ ᠰᠠᠨᠠᠯ ᠬᠤᠷᠢᠶᠠᠬᠤ ᠭᠤᠣᠯ ᠵᠦᠢᠯ     ᠨᠢᠭᠡ ᠳᠤ ᠤᠴᠢᠷ ᠶᠠᠪᠤᠳᠠᠯ ᠳᠤ ᠬᠠᠨᠳᠤᠬᠤ ᠣᠪᠣᠷ︔ ᠬᠤᠶᠠᠷ ᠲᠤ ᠡᠭᠦᠰᠴᠦ ᠮᠡᠳᠡᠬᠦ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢᠨ ᠬᠦᠴᠦᠨ ᠵᠦᠢᠯ︔ ᠭᠤᠷᠪᠠ ᠳᠤ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠰᠠᠨᠠᠯ ᠪᠠ ᠰᠠᠨᠠᠭᠤᠯᠭ᠎ᠠ᠃     ᠭᠤᠷᠪᠠ᠂ ᠢᠯᠡ ᠨᠡᠶᠢᠲᠡᠯᠡᠬᠦ ᠴᠠᠭ     ᠵᠠᠷᠯᠠᠨ ᠨᠡᠶᠢᠲᠡᠯᠡᠬᠦ ᠴᠠᠭ᠄ 2023 ᠣᠨ ᠤ 8 ᠰᠠᠷ᠎ᠠ ᠶᠢᠨ 29      ᠤ ᠡᠳᠦᠷ — 9 ᠰᠠᠷ᠎ᠠ ᠶᠢᠨ 12       ᠤ ᠡᠳᠦᠷ      ᠳᠥᠷᠪᠡ᠂ ᠬᠠᠷᠢᠯᠴᠠᠬᠤ ᠠᠷᠭ᠎ᠠ ᠮᠠᠶ᠋ᠢᠭ     ᠦᠨᠡᠯᠡᠨ ᠵᠢᠱᠢᠬᠦ ᠨᠢᠭᠡᠴᠡ᠄ ᠵᠠᠯᠠᠨ ᠠᠶᠢᠯ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ     ᠦᠨᠡᠯᠡᠨ ᠵᠢᠱᠢᠬᠦ ᠪᠠᠶᠢᠭᠤᠯᠤᠮᠵᠢ᠄ ᠬᠥᠯᠥᠨ ᠪᠤᠶᠢᠷ ᠤᠨ ᠡᠾᠤ ᠯᠢᠨ ᠤ ᠲᠦᠭᠰᠢᠭᠦᠷᠢ ᠶᠢᠨ ᠮᠡᠳᠡᠭᠡ ᠵᠠᠩᠭᠢ ᠶᠢᠨ ᠯᠠᠪᠯᠠᠯᠭ᠎ᠠ ᠶᠢᠨ ᠬᠢᠵᠠᠭᠠᠷᠲᠤ ᠺᠣᠮᠫᠠᠨᠢ     ᠬᠠᠷᠢᠯᠴᠠᠬᠤ ᠬᠥᠮᠦᠨ᠄ ᠵᠤ ᠶᠦᠩ ᠮᠧᠶ     ᠬᠠᠷᠢᠯᠴᠠᠬᠤ ᠤᠲᠠᠰᠤ᠄ 13904706187     2023 ᠣᠨ ᠤ 8 ᠰᠠᠷ᠎ᠠ ᠶᠢᠨ 29      ᠤ ᠡᠳᠦᠷ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ