ᠵᠠᠯᠠᠨ‌ᠠᠶᠢᠯ ᠬᠤᠲᠠ ᠶᠢ ᠨᠡᠷᠡᠶᠢᠳᠦᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ‍ᠤᠨ‌‍ᠬᠥ᠋ᠮᠦᠵᠢᠯ ᠤᠨ ᠰᠠᠭᠤᠷᠢᠨ ᠭᠠᠵᠠᠷ᠂ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠢ ᠪᠠᠬᠢᠵᠢᠭᠦᠯᠬᠦ ᠲᠤᠬᠠᠶ ᠢᠯᠡ ᠵᠠᠷᠯᠠᠯ
ᠨᠡᠶᠢᠲᠡᠯᠡᠭᠰᠡᠨ ᠴᠠᠭ᠄
2023/9/1
      ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠥᠷᠭᠡᠨ ᠳᠡᠯᠭᠡᠷ ᠭᠦᠨᠵᠡᠭᠡᠶ ᠥᠷᠨᠢᠭᠦᠯᠵᠦ᠂ ︽ᠵᠠᠯᠠᠨ ᠠᠶᠢᠯ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠨᠡᠷᠡᠶᠢᠳᠬᠦ ᠠᠷᠭ᠎ᠠ︾ ᠶᠢ ᠦᠨᠳᠦᠰᠦᠯᠡᠪᠡᠯ᠂ ᠮᠠᠨ ᠤ ᠵᠥᠪᠯᠡᠯ ᠨᠢᠭᠡᠨᠲᠡ ᠵᠠᠯᠠᠨ ᠠᠶᠢᠯ ᠬᠤᠳᠠ ᠶᠢᠨ ᠤᠯᠠᠭᠠᠨᠬᠦᠦ ᠨᠥᠬᠦᠷ ᠤᠨ ᠳᠤᠷᠠᠰᠬᠠᠯ ᠤᠨ ᠣᠷᠳᠣᠨ᠂ ᠵᠠᠯᠠᠨ ᠠᠶᠢᠯ ᠬᠤᠳᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠠᠷᠺᠰ ᠤᠨ ᠦᠵᠡᠯ ᠤᠨ ᠵᠢᠭᠠᠨ ᠰᠤᠳᠤᠯᠬᠤ ᠬᠡᠯᠲᠡᠰ ᠪᠣᠯᠤᠨ ᠬᠥᠯᠥᠨ ᠪᠤᠶᠢᠷ ᠬᠤᠳᠠ ᠵᠢᠨ‌ᠵᠢᠱᠢᠶ᠎ᠡ ᠦᠵᠡᠭᠦᠯᠬᠦ ᠴᠢᠨᠠᠷᠲᠠᠢ ᠶᠡᠷᠦᠩᠬᠡᠶᠢᠯᠡᠭᠰᠡᠨ ᠦᠢᠯᠡᠳᠦᠯᠭᠡ ᠶᠢᠨ ᠰᠠᠭᠤᠷᠢᠨ ᠳᠤ ᠬᠢᠨᠠᠨ ᠰᠢᠯᠭᠠᠷᠠᠭᠤᠯᠤᠯᠲᠠ ᠬᠢᠵᠡᠢ᠃ ᠡᠭᠦᠨ ᠤ ᠬᠠᠮᠲᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠤᠨ ᠪᠠᠲᠤᠯᠠᠵᠤ᠂ ᠵᠠᠯᠠᠨ ᠠᠶᠢᠯ ᠬᠤᠲᠠ ᠶᠢᠨ ᠤᠯᠠᠭᠠᠨᠬᠦᠦ ᠨᠥᠬᠦᠷ ᠤᠨ ᠳᠤᠷᠠᠰᠬᠠᠯ ᠤᠨ ᠣᠷᠳᠣᠨ ᠢ ᠵᠠᠯᠠᠨ ᠠᠶᠢᠯ ᠬᠤᠲᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠰᠠᠭᠤᠷᠢᠨ ᠭᠠᠵᠠᠷ ᠢ ᠪᠠᠲᠤ ᠴᠣᠭᠴᠠᠯᠠᠵᠤ ᠥᠭᠬᠦ ᠪᠠᠷ ᠲᠣᠭᠲᠠᠵᠤ᠂ ᠵᠠᠯᠠᠨ ᠠᠶᠢᠯ ᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠠᠷᠺᠰ ᠤᠨ ᠦᠵᠡᠯ ᠤᠨ ᠵᠢᠭᠠᠨ ᠰᠤᠳᠤᠯᠬᠤ ᠬᠡᠯᠲᠡᠰ ᠪᠣᠯᠤᠨ ᠬᠥᠯᠥᠨ ᠪᠤᠶᠢᠷ ᠬᠤᠲᠠ ᠶᠢᠨ ᠵᠢᠱᠢᠶ᠎ᠡ ᠦᠵᠡᠭᠦᠯᠬᠦ ᠴᠢᠨᠠᠷᠲᠠᠶ ᠶᠡᠷᠦᠩᠬᠡᠶᠢᠯᠡᠭᠰᠡᠨ  ᠦᠢᠯᠡᠳᠦᠯᠭᠡ ᠶᠢᠨ ᠰᠠᠭᠤᠷᠢᠨ ᠭᠠᠵᠠᠷ ᠨᠢ ᠵᠠᠯᠠᠨ ᠠᠶᠢᠯ ᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷᠲᠤ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠢ ᠪᠠᠲᠤ ᠴᠣᠭᠴᠠᠯᠠᠬᠤ ᠳᠤ ᠢᠯᠡ ᠨᠡᠶᠢᠲᠡᠯᠡᠨ᠎ᠡ᠂ ᠬᠡᠷᠪᠡ ᠢᠯᠡ ᠨᠡᠶᠢᠲᠡᠯᠡᠬᠦ ᠡᠲᠡᠭᠡᠳ ᠲᠤ ᠪᠠᠶᠢᠳᠠᠯ ᠢ ᠲᠤᠰᠬᠠᠭᠰᠠᠨ ᠪᠠᠶᠢᠪᠠᠯ᠂ ᠢᠯᠡ ᠨᠡᠶᠢᠲᠡᠯᠡᠬᠦ ᠬᠤᠭᠤᠴᠠᠭᠠᠨ ᠳᠤ ᠵᠠᠯᠠᠨ ᠠᠶᠢᠯ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠲᠠᠢ ᠬᠠᠷᠢᠯᠴᠠᠵᠤ ᠪᠣᠯᠤᠨ᠎ᠠ᠃      ᠵᠠᠷᠯᠠᠨ ᠨᠡᠶᠢᠲᠡᠯᠡᠭᠰᠡᠨ ᠡᠳᠦᠷ ᠬᠤᠭᠤᠴᠠᠭ᠎ᠠ᠂ 2023 ᠣᠨ ᠤ 9 ᠰᠠᠷ᠎ᠠ ᠶᠢᠨ 1      ᠤ ᠡᠳᠦᠷ — 2023 ᠣᠨ ᠤ 9 ᠰᠠᠷ᠎ᠠ ᠶᠢᠨ 8      ᠤ ᠡᠳᠦᠷ      ᠬᠢᠨᠠᠯᠲᠠ ᠲᠠᠯᠪᠢᠬᠤ ᠤᠲᠠᠰᠤ᠄ 0470 — 3215759᠂ 12317      ᠢᠮᠧᠯ᠄ zltsmzj@163.com      ᠬᠠᠷᠢᠯᠴᠠᠬᠤ ᠤᠲᠠᠰᠤ᠄ 0470 — 3215759᠃                 ᠵᠠᠯᠠᠨ ᠠᠶᠢᠯ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ                        2023 ᠣᠨ ᠤ 8 ᠰᠠᠷ᠎ᠠ ᠶᠢᠨ 31      ᠤ ᠡᠳᠦᠷ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ