ᠵᠠᠯᠠᠨ ᠠᠶᠢᠯ ᠬᠤᠲᠠ ᠶᠢᠨ ᠰᠣᠶᠣᠯ ᠪᠡᠶ᠎ᠡ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ︽ᠡᠷᠡᠯᠬᠡᠭᠯᠡᠨ ᠲᠡᠮᠡᠴᠡᠵᠦ ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠦᠴᠦᠷᠬᠡᠭᠵᠢᠭᠦᠯᠦᠨ ᠡᠷᠡᠯᠬᠡᠭᠯᠡᠨ ᠤᠷᠤᠭᠰᠢᠯᠠᠵᠤ ᠰᠡᠷᠭᠦᠨ ᠮᠠᠨᠳᠤᠯᠲᠠ ᠳᠠᠰᠢ ᠤᠷᠤᠭᠰᠢᠯᠠᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/9/13
      23 ᠳ᠋ᠤᠭᠠᠷ ᠠᠷᠠᠳ ᠨᠡᠶᠢᠲᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠡᠳᠦᠷ ᠬᠦᠷᠴᠦ ᠢᠷᠡᠬᠦ ᠲᠠᠰᠢᠷᠠᠮ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠬᠥᠭᠵᠢᠭᠡᠬᠦ ᠶᠢᠨ ᠲᠥᠯᠥᠭᠡ᠂ 9 ᠰᠠᠷ᠎ᠠ ᠶᠢᠨ 8      ᠤ ᠡᠳᠦᠷ ᠤᠨ ᠦᠳᠡ ᠶᠢᠨ ᠬᠤᠶᠢᠨ᠎ᠠ᠂ ᠵᠠᠯᠠᠨ ᠠᠶᠢᠯ ᠬᠤᠲᠠ ᠶᠢᠨ ᠰᠣᠶᠣᠯ ᠪᠡᠶ᠎ᠡ ᠲᠠᠮᠢᠷ  ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠠᠷᠠᠳ ᠤᠨ ᠠᠮᠢᠳᠤᠷᠠᠯ ᠤᠨ ᠲᠣᠮᠣ ᠠᠰᠠᠷ ᠤᠨ ᠨᠠᠮ ᠪᠠ ᠣᠯᠠᠨ ᠲᠦᠮᠡᠨ ᠤ ᠤᠶᠢᠯᠡᠴᠢᠯᠡᠭᠡᠨ ᠤ ᠲᠥᠪ ᠲᠤ ︽ᠡᠷᠡᠯᠬᠡᠭᠯᠡᠨ ᠲᠡᠮᠡᠴᠡᠵᠦ ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠦᠴᠦᠷᠬᠡᠭᠵᠢᠭᠦᠯᠦᠨ ᠡᠷᠡᠯᠬᠡᠭᠯᠡᠨ ᠤᠷᠤᠭᠰᠢᠯᠠᠵᠤ ᠰᠡᠷᠭᠦᠨ ᠮᠠᠨᠳᠤᠯᠲᠠ ᠳᠠᠰᠢ ᠤᠷᠤᠭᠰᠢᠯᠠᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃       ᠨᠠᠮ ᠪᠣᠯᠤᠨ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ᠂ ᠪᠦᠬᠦ ᠨᠠᠮ ᠤᠨ ᠭᠡᠰᠢᠭᠦᠨ ᠨᠠᠮ ᠤᠨ ᠲᠤᠭ ᠤᠨ ᠡᠮᠦᠨ᠎ᠡ ᠬᠢᠴᠢᠶᠡᠩᠭᠦ᠋ᠢᠯᠡᠨ ᠵᠣᠭᠰᠣᠵᠤ᠂ ᠲᠤᠰ ᠲᠤᠰ ᠭᠠᠷ ᠡᠷᠭᠦᠨ ᠨᠢᠳᠤᠷᠭ᠎ᠠ ᠵᠠᠩᠭᠢᠳᠤᠨ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠪᠲᠠᠨ ᠰᠠᠨᠠᠭᠠᠯᠵᠠᠵᠤ᠂ ᠢᠳᠡ ᠬᠦᠴᠦᠲᠡᠢ ᠲᠠᠩᠭᠠᠷᠢᠭ ᠨᠢ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠦᠷᠢᠶᠡᠯᠡᠩ ᠤᠨ ᠣᠭᠲᠠᠷᠭᠤᠢ ᠳᠤ ᠤᠳᠠᠲᠠᠯ᠎ᠠ ᠴᠤᠤᠷᠢᠶᠠᠲᠤᠪᠠ᠃ ᠨᠠᠮᠴᠢ ᠴᠢᠨᠠᠷ ᠤᠨ ᠪᠣᠯᠪᠠᠰᠤᠷᠠᠯ ᠤᠨ ᠲᠢᠩᠬᠢᠮ ᠤᠨ ᠲᠣᠭᠤᠷᠢᠨ ᠦᠵᠡᠬᠦ ᠱᠤᠭᠤᠮ ᠢᠶᠠᠷ᠂ ᠪᠦᠬᠦ ᠨᠠᠮ ᠤᠨ ᠭᠡᠰᠢᠭᠦᠨ ᠺᠠᠳ᠋ᠷ ᠨᠠᠷᠢᠨ ᠬᠢᠨᠠᠮᠠᠭᠠᠢ ᠲᠣᠭᠤᠷᠢᠨ ᠦᠵᠡᠵᠦ᠂ ᠦᠵᠡᠰᠬᠦᠯᠡᠩ ᠤᠨ ᠵᠢᠷᠤᠭ᠂ ᠡᠬᠡ ᠨᠤᠤᠷᠠᠭ ᠪᠣᠯᠤᠨ ᠪᠣᠳᠠᠲᠤ ᠶᠠᠭᠤᠮ᠎ᠠ ᠪᠠᠷ ᠲᠡᠦᠬᠡ ᠶᠢ ᠡᠷᠭᠢᠴᠡᠭᠦᠯᠵᠦ᠂ ᠬᠤᠪᠢᠰᠬᠠᠯ ᠤᠨ ᠦᠢᠯᠠ ᠠᠵᠢᠯᠯᠠᠭ᠎ᠠ ᠳᠤ ᠪᠠᠷᠠᠳᠠᠵᠤ᠂ ᠳᠤᠮᠳᠠ ᠠᠴᠠ ᠨᠢ ᠬᠦᠴᠦᠨ ᠴᠢᠳᠠᠯ ᠣᠯᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠢᠲᠡᠭᠡᠯ ᠪᠢᠰᠢᠷᠡᠯ ᠢ ᠪᠠᠲᠤᠳᠬᠠᠪᠠ᠃      ᠲᠤᠰ ᠤᠳᠠᠭᠠᠨ ᠤ ᠤᠯᠤᠰ ᠤᠨ ᠪᠠᠲᠤᠯᠠᠨ ᠬᠠᠮᠠᠭᠠᠯᠠᠯᠲᠠ ᠪᠠ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠭᠤᠣᠯ ᠰᠡᠳᠦᠪᠲᠦ ᠨᠠᠮ ᠤᠨ ᠡᠳᠦᠷ‌ᠨᠢ‌‍ᠪᠦ᠋ᠬᠦ ᠨᠠᠮ ᠤᠨ ᠭᠡᠰᠢᠭᠦᠨ ᠺᠠᠳ᠋ᠷᠴᠤᠳ ᠤᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠬᠥᠮᠦᠵᠢᠯ᠂ ᠬᠤᠪᠢᠰᠬᠠᠯᠲᠤ ᠤᠯᠠᠮᠵᠢᠯᠠᠯ ᠤᠨ ᠬᠥᠮᠦᠵᠢᠯ ᠪᠠ ᠨᠠᠮᠴᠢ ᠴᠢᠨᠠᠷ ᠤᠨ ᠬᠥᠮᠦᠵᠢᠯ ᠢ ᠬᠦᠯᠢᠶᠡᠬᠦ  ᠶᠢᠨ ᠬᠠᠮᠳᠤ᠂ ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠬᠤᠪᠢᠰᠬᠠᠯ ᠤᠨ ᠭᠧᠨ ᠢ ᠤᠯᠠᠮᠵᠢᠯᠠᠬᠤ ᠵᠣᠷᠢᠭ ᠢᠶᠠᠨ ᠪᠠᠲᠤᠳᠬᠠᠵᠤ᠂ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠵᠣᠷᠢᠯᠲᠠ  ᠢ ᠪᠠᠲᠤᠳᠬᠠᠵᠤ᠂ ᠠᠬᠠᠮᠠᠳ ᠨᠢᠭᠡ ᠦᠶ᠎ᠡ ᠶᠢᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠢᠳᠡᠪᠬᠢᠲᠡᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠡᠮᠡᠴᠡᠯ ᠤᠨ ᠲᠦᠷᠢ ᠪᠠᠶᠢᠳᠠᠯ ᠢᠶᠠᠷ ᠠᠵᠢᠯ ᠳᠠᠭᠠᠨ ᠣᠷᠣᠯᠴᠠᠵᠤ᠂ ᠮᠠᠨ ᠤ ᠬᠤᠳᠠ ᠶᠢᠨ ᠰᠣᠶᠣᠯ ᠵᠤᠭᠠᠴᠠᠯ ᠪᠡᠶ᠎ᠡ  ᠲᠠᠮᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠵᠡᠢ᠃ 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ