ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠵᠢᠯ ᠤᠨ ᠲᠤᠬᠠᠢ ᠲᠤᠬᠠᠢ ᠶᠢᠨ ᠲᠠᠯᠠᠪᠠᠢ ᠳᠤ ᠠᠵᠢᠯᠯᠠᠵᠤ ᠪᠤᠢ
ᠨᠡᠶᠢᠲᠡᠯᠡᠭᠰᠡᠨ ᠴᠠᠭ᠄
2023/9/13
      9 ᠰᠠᠷ᠎ᠠ ᠶᠢᠨ 2      ᠤᠨ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ ︽ᠮᠤᠬᠤᠷ ᠵᠠᠮ︾ ᠢ ᠨᠡᠪᠲᠡᠷᠡᠭᠦᠯᠬᠦ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶ᠋ᠯ ᠤᠨ ᠢᠨᠵᠧᠨᠧᠷᠢᠩ ᠤᠨ ᠲᠣᠭᠤᠷᠢᠨ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠬᠠᠶ ᠶᠢᠨ ᠲᠠᠯᠠᠪᠤᠷ ᠲᠤ  ᠠᠵᠢᠯᠯᠠᠪᠠ᠃ ᠬᠤᠲᠠ ᠶᠢᠨ ᠤᠳᠤᠷᠢᠳᠤᠯᠭ᠎ᠠ   ᠮᠸᠡᠭ ᠭᠠᠩ᠂ ᠵᠢᠶᠠᠩ ᠵᠢᠶᠦ᠋ᠨ ᠶᠦᠩ᠂ ᠯᠢ ᠶᠠᠨ ᠯᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠣᠷᠣᠯᠴᠠᠵᠠᠶ᠃       ᠪᠠᠢ ᡁᠢ ᠵᠢᠶᠦ᠋ᠨ ᠨᠡᠷ ᠤᠷᠢᠳ ᠬᠤᠵᠢᠳ  ᠵᠸᠡᠨ ᠰᠢᠩ ᠵᠠᠮ᠂ ᠴᠢᠩᠭᠢᠰ ᠬᠠᠭᠠᠨ ᠵᠠᠮ ᠵᠢᠴᠢ   ᠳᠢᠶᠥᠤ ᠴᠢᠶᠥᠤ ᠴᠡᠴᠡᠷᠯᠢᠭ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠠᠬᠢᠴᠠ ᠶᠢ ᠠᠰᠠᠭᠤᠬᠤ ᠵᠡᠷᠭᠡ ᠬᠡᠯᠪᠡᠷᠢ ᠪᠠᠷ ᠪᠠᠷᠢᠯᠭ᠎ᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠥᠭᠡᠷᠡᠴᠢᠯᠡᠯᠲᠡ ᠶᠢᠨ ᠠᠬᠢᠴᠠ᠂ ᠴᠡᠭᠴᠡᠯᠡᠨ ᠵᠠᠰᠠᠭᠰᠠᠨ ᠦᠷ᠎ᠡ ᠪᠦᠲᠦᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠲᠦᠷᠦᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃       ᠪᠠᠶ ᡁᠢ ᠵᠢᠶᠦ᠋ᠨ ᠬᠡᠯᠡᠬᠦ ᠳᠡᠭᠡᠨ᠂  ᠵᠸᠡᠨ ᠰᠢᠩ ᠵᠠᠮ ᠪᠣᠯᠤᠨ ᠴᠢᠩᠭᠢᠰ ᠬᠠᠭᠠᠨ ᠵᠠᠮ ᠪᠣᠯ ᠮᠠᠨ ᠤ ᠬᠤᠲᠠ ᠶᠢᠨ ᠰᠢᠨ᠎ᠡ ᠬᠠᠭᠤᠴᠢᠨ ᠬᠤᠲᠠ ᠶᠢᠨ ᠲᠣᠭᠤᠷᠢᠭ ᠤᠨ ᠴᠢᠬᠤᠯᠠ ᠬᠤᠲᠠ ᠶᠢᠨ ᠶᠠᠪᠤᠳᠠᠯ ᠤᠨ ᠭᠤᠤᠯ ᠵᠠᠮ ᠮᠥᠨ᠂  ᠳᠢᠶᠥᠤ ᠴᠢᠶᠥᠤ ᠴᠡᠴᠡᠷᠯᠢᠭ ᠪᠣᠯ ᠮᠠᠨ ᠤ ᠬᠤᠲᠠ ᠶᠢᠨ ᠵᠠᠭᠤᠨ ᠵᠢᠯ ᠤᠨ ᠪᠡᠯᠭᠡ ᠲᠡᠮᠳᠡᠭ ᠲᠠᠢ ᠪᠠᠷᠢᠯᠭ᠎ᠠ ᠮᠥᠨ᠂ ᠴᠥᠮ ᠠᠷᠠᠳ ᠢᠷᠭᠡᠳ ᠠᠷᠠᠳ ᠤᠨ ᠠᠮᠢᠳᠤᠷᠠᠯ ᠲᠠᠢ ᠬᠤᠯᠪᠣᠭᠳᠠᠵᠤ ᠪᠠᠶᠢᠳᠠᠭ᠃ ᠡᠯ᠎ᠡ ᠬᠤᠯᠪᠣᠭᠳᠠᠯ ᠪᠥᠬᠦᠶ  ᠡᠷᠬᠡ ᠲᠤᠰᠢᠶᠠᠯᠲᠤ ᠰᠠᠯᠭ᠎ᠠ ᠮᠦᠴᠢᠷ  ᠤᠳ ᠪᠥᠬᠦ ᠲᠠᠯ᠎ᠠ ᠠᠴᠠ  ᠪᠤᠳᠤᠯᠬᠢᠯᠠᠨ᠂ ᠬᠤᠲᠠ ᠶᠢᠨ ᠶᠠᠪᠤᠳᠠᠯ ᠤᠨ ᠵᠠᠮ ᠤᠨ ᠪᠥᠲᠥᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠣᠷᠣᠨ  ᠶᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ ᠶᠢᠨ ᠴᠢᠬᠤᠯᠠ ᠴᠢᠨᠠᠷ ᠢ  ᠭᠦᠢᠴᠡᠳ ᠲᠠᠨᠢᠵᠤ᠂ ᠣᠯᠠᠨ ᠲᠦᠮᠡᠨ ᠤ ᠳᠡᠷᠭᠡᠳᠡᠬᠢ ᠬᠠᠮᠤᠭ ᠠᠴᠠ ᠠᠩᠬᠠᠷᠤᠨ ᠬᠠᠯᠠᠮᠵᠢᠯᠠᠵᠤ ᠪᠠᠶᠢᠭ᠎ᠠ ᠲᠠᠯ᠎ᠠ ᠠᠴᠠ ᠡᠬᠢᠯᠡᠨ ᠬᠢᠵᠦ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠤᠭ ᠤᠨ ᠪᠠᠭᠤᠷᠠᠶ ᠲᠠᠯ᠎ᠠ ᠠᠴᠠ ᠡᠬᠢᠯᠡᠨ ᠬᠢᠵᠦ᠂ ᠴᠢᠨᠠᠷ ᠰᠠᠶᠢᠲᠠᠶ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠳᠦᠷᠢ ᠲᠥᠷᠬᠦ ᠪᠠᠷ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠶ᠃ ᠲᠦᠷᠦᠯ ᠵᠦᠢᠯ ᠢ ᠠᠬᠢᠭᠤᠯᠬᠤ ᠴᠠᠭ ᠤᠨ ᠬᠦᠰᠦᠨᠦᠭᠲᠦ ᠶᠢ ᠪᠠᠶᠢᠭᠤᠯᠵᠤ᠂ ᠬᠠᠮᠲᠤᠷᠠᠭᠰᠠᠨ ᠲᠤᠰᠬᠠᠢ ᠠᠩᠬᠢ ᠪᠠᠶᠢᠭᠤᠯᠵᠤ᠂ ᠬᠦᠴᠦᠨ ᠢᠶᠠᠨ ᠲᠥᠪᠯᠡᠷᠡᠭᠦᠯᠵᠦ᠂ ᠤᠶᠤᠨ ᠴᠢᠳᠠᠯ ᠢᠶᠠᠨ ᠲᠥᠪᠯᠡᠷᠡᠭᠦᠯᠵᠦ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠳᠤᠬᠢᠷᠠᠭᠤᠯᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠬᠡᠷᠡᠭᠵᠢᠭᠦᠯᠦᠯᠲᠡ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠪᠠ ᠵᠣᠯ ᠵᠢᠷᠭᠠᠯᠲᠤ ᠲᠦᠷᠦᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ