ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠵᠠᠯᠠᠨ ᠠᠶᠢᠯ ᠬᠤᠲᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/13
      8 ᠰᠠᠷ᠎ᠠ ᠶᠢᠨ 29      ᠤ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠵᠠᠯᠠᠨ ᠠᠶᠢᠯ ᠬᠤᠲᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠠᠬᠢᠴᠠ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠳᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠵᠠᠰᠠᠭ ᠵᠠᠬᠢᠷᠭᠠᠨ ᠤ ᠭᠤᠣᠯ ᠬᠠᠷᠢᠭᠤᠴᠠᠯᠭᠠᠲᠠᠨ ᠨᠥᠬᠦᠳ᠂  ᠬᠤᠪᠢᠶᠠᠷᠠᠯᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠵᠢᠴᠢ ᠲᠤᠬᠠᠶᠢᠯᠠᠭᠰᠠᠨ ᠠᠵᠢᠯ ᠤᠨ ᠠᠵᠢᠯᠲᠠᠳ ᠬᠤᠷᠠᠯ ᠳᠤ ᠣᠷᠣᠯᠴᠠᠪᠠ᠃      ᠸᠠᠩ ᠪᠥᠸᠧ ᠵᠢᠭᠠᠵᠤ ᠭᠠᠷᠭᠠᠭᠰᠠᠨ ᠨᠢ᠂ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠨᠢ ᠲᠣᠮᠣ ᠬᠡᠯᠪᠡᠷᠢ ᠶᠢᠨ ᠤᠯᠤᠰ ᠤᠨ ᠪᠠᠶᠢᠳᠠᠯ ᠤᠯᠤᠰ ᠤᠨ ᠬᠦᠴᠦᠨ ᠢ  ᠪᠠᠶᠢᠴᠬᠠᠭᠠᠬᠤ᠂ ᠮᠠᠨ ᠤ ᠬᠤᠳᠠ ᠶᠢᠨ ᠬᠤᠶᠠᠳᠤᠭᠠᠷ᠂ ᠭᠤᠷᠪᠠᠳᠤᠭᠠᠷ ᠠᠵᠤ ᠦᠢᠯᠡᠰ  ᠤᠨ ᠬᠡᠪᠴᠢᠶ᠎ᠡ ᠶᠢ ᠲᠣᠳᠣᠷᠬᠠᠶ ᠣᠶᠢᠯᠠᠭᠠᠵᠤ᠂ ᠤᠢᠢᠷ᠎ᠠ ᠶᠢᠨ ᠲᠠᠪᠤᠨ ᠵᠢᠯ  ᠤᠨ ᠲᠤᠷᠰᠢᠬᠢ ᠠᠵᠤ ᠠᠬᠤᠶ ᠨᠡᠶᠢᠭᠡᠮ  ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠣᠨᠣᠪᠴᠢᠲᠠᠶ ᠲᠤᠰᠬᠠᠬᠤ  ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠷᠢᠭᠤᠴᠠᠯᠭ᠎ᠠ ᠪᠠᠨ ᠴᠢᠩᠭ᠎ᠠ ᠳᠠᠷᠤᠵᠤ᠂ ᠠᠵᠢᠯ  ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠬᠤ ᠬᠡᠷᠡᠭᠲᠡᠶ᠂ ᠢᠯᠠᠩᠭᠤᠶ᠎ᠠ ᠭᠤᠣᠯ ᠬᠠᠷᠢᠭᠤᠴᠠᠯᠭᠠᠲᠠᠨ ᠨᠥᠬᠦᠳ ᠨᠡᠶᠢᠳᠡᠮ ᠪᠠᠶᠢᠴᠠᠭᠠᠯᠲᠠ ᠶᠢᠨ ᠠᠵᠢᠯ ᠳᠤ ᠪᠥᠬᠦ ᠶᠠᠪᠤᠴᠠ ᠪᠠᠷ ᠣᠷᠣᠯᠴᠠᠵᠤ᠂ ᠠᠵᠢᠯ ᠤᠨ ᠦᠷ᠎ᠡ ᠪᠦᠲᠦᠮᠵᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ᠃      ᠸᠠᠩ ᠪᠥᠸᠧ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠡᠷᠢᠭᠦᠨ ᠳᠤ ᠲᠠᠯᠪᠢᠬᠤ ᠠᠵᠢᠯ ᠤᠨ ᠵᠠᠷᠴᠢᠮ ᠢ ᠢᠮᠠᠭᠲᠠ ᠪᠠᠷᠢᠮᠲᠠᠯᠠᠵᠤ᠂ ᠪᠦᠬᠦ ᠶᠠᠪᠤᠴᠠ ᠪᠠᠷ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︔ ︽ᠬᠤᠶᠠᠷ ᠠᠵᠢᠯᠲᠠᠨ︾ ᠤ ᠪᠣᠯᠪᠠᠰᠤᠷᠠᠭᠤᠯᠤᠯ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠪᠠᠲᠤᠳᠬᠠᠬᠤ ᠬᠡᠷᠡᠭᠲᠡᠶ︔ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠶᠠᠷᠢᠶ᠎ᠠ ᠬᠡᠯᠡᠯᠴᠡᠭᠡᠨ ᠤ ᠭᠦᠨ ᠵᠤᠵᠠᠭᠠᠨ ᠠᠭᠤᠷ ᠠᠮᠢᠰᠬᠤᠯ ᠢ ᠯᠠᠪᠳᠠᠭᠤᠨ ᠪᠠᠲᠤᠲᠠᠢ ᠪᠤᠢ ᠪᠣᠯᠭᠠᠵᠤ᠂ ᠲᠤᠭ᠎ᠠ ᠪᠦᠷᠢᠳᠬᠡᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠡᠶᠡᠯᠡᠭᠦᠯᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂  ᠮᠢᠩᠭᠠᠨ ᠲᠦᠮᠡᠨ ᠠᠶᠢᠯ ᠡᠷᠦᠬᠡ ᠶᠢᠨ ︽ᠵᠢᠵᠢᠭ ᠳᠠᠩᠰᠠ︾ ᠶᠢ ᠪᠦᠬᠦ ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ︽ᠲᠤᠮᠤ ᠳ᠋ᠠᠶᠢᠲ᠋ᠠ︾ ᠪᠣᠯᠭᠠᠨ ᠬᠤᠷᠠᠮᠳᠤᠭᠤᠯᠬᠤ ᠬᠡᠷᠡᠭᠲᠡᠢ᠃      ᠸᠠᠩ ᠪᠥᠸᠧ ᠱᠠᠭᠠᠷᠳᠠᠭᠰᠠᠨ ᠨᠢ᠂ ᠬᠤᠲᠠ ᠶᠢᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠠᠰᠤᠭ ᠨᠢ ᠰᠢᠯᠭᠠᠨ ᠬᠢᠨᠠᠬᠤ ᠳᠣᠬᠢᠭᠤᠷ ᠤᠨ ᠦᠶ᠋ᠯᠡᠳᠦᠯ ᠢᠶᠠᠨ ᠦᠨᠡᠨᠬᠦ ᠰᠠᠶᠢᠲᠤᠷ ᠪᠠᠳᠠᠷᠠᠭᠤᠯᠵᠤ᠂ ᠪᠠᠶᠢᠴᠠᠭᠠᠵᠤ ᠬᠢᠨᠠᠨ ᠵᠢᠯᠣᠭᠤᠳᠬᠤ ᠶᠢ ᠦᠷᠭᠦᠯᠵᠢᠯᠡᠨ ᠥᠷᠨᠢᠭᠦᠯᠵᠦ᠂ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠪᠦᠷᠢᠨ ᠪᠦᠲᠦᠨ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠵᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ  ᠰᠢᠳᠪᠦᠷᠢᠯᠷᠬᠦ ᠪᠣᠳᠣᠯᠭ᠎ᠠ ᠲᠣᠭᠲᠠᠭᠠᠬᠤ ᠪᠠ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃      ᠬᠤᠷᠠᠯ ᠳᠡᠭᠡᠷ᠎ᠡ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠤᠯᠪᠣᠭᠳᠠᠯ ᠪᠥᠬᠦᠶ ᠪᠠᠶᠢᠳᠠᠯ ᠢ ᠵᠠᠷᠯᠠᠨ ᠮᠡᠳᠡᠭᠳᠡᠵᠦ᠂ ᠬᠡᠰᠡᠭ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ ᠨᠥᠬᠦᠳ ᠣᠪᠣᠷ ᠢᠶᠠᠨ ᠢᠯᠡᠳᠬᠡᠬᠦ ᠦᠭᠡ ᠬᠡᠯᠡᠪᠡ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ