9 ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠮᠤᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠰᠢᠤ ᠵᠢᠶᠦ᠋ᠨ ᠤᠯᠤᠰ ᠲᠥᠷᠥ ᠶᠢᠨ ᠵᠥᠪᠯᠡᠯᠭᠡᠨ ᠤ ᠪᠠᠭ ᠤᠨ ᠪᠦᠷᠢᠯᠳᠦᠬᠦᠨ ᠵᠢᠴᠢ ᠬᠡᠰᠡᠭ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢᠶᠠᠨ ᠳᠠᠭᠠᠭᠤᠯᠤᠨ ᠵᠠᠯᠠᠨ ᠠᠶᠢᠯ ᠬᠤᠲᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠢᠦᠶ ᠫᠢᠩ᠂ ᠳᠡᠳ᠋ ᠲᠡᠷᠢᠭᠦᠯᠡᠭᠴᠢ ᠯᠦ ᠶᠣᠣ᠂ ᠹᠠᠩ ᠫᠢᠩ᠂ ᠯᠢᠦ ᠷᠧᠨ ᠳ᠋ᠧ ᠪᠠᠷ᠎ᠠ ᠪᠣᠯᠵᠣ ᠪᠠᠶᠢᠴᠠᠭᠠᠨ ᠰᠤᠳᠤᠯᠤᠯᠲᠠ | ᠬᠢᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠶᠢᠨ ᠯᠤᠩ ᠱᠠᠨ ᠤ ᠴᠠᠰᠤᠨ ᠳᠤ ᠭᠤᠯᠭᠤᠬᠤ ᠲᠠᠯᠠᠪᠠᠢ᠂ ᠹᠦ᠋ ᠹᠤᠩ ᠺᠣᠮᠫᠠᠨᠢ᠂ ᠤᠳᠤ | ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠶᠢᠩ ᠱᠠᠨ ᠬᠤᠩ ᠠᠮᠢ ᠠᠬᠤᠶ ᠶᠢᠨ ᠴᠡᠴᠡᠷᠯᠢᠭ᠂ ᠤᠯᠤᠰ ᠲᠦᠷᠦ ᠶᠢᠨ ᠵᠥᠪᠯᠡᠯᠭᠡᠨ ᠤ ᠰᠣᠶᠣᠯ | ᠲᠡᠦᠬᠡ ᠶᠢᠨ ᠣᠷᠳᠣᠨ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ᠂ ᠤᠯᠠᠭᠠᠨᠬᠦᠦ ᠶᠢᠨ ᠳᠤᠷᠠᠰᠬᠠᠯ ᠤᠨ ᠣᠷᠳᠣᠨ᠂ | ᠳᠤᠮᠳᠠᠳᠤ ᠳᠣᠷᠣᠨᠠᠲᠤ ᠶᠢᠨ ᠲᠡᠮᠤᠷ ᠵᠠᠮ ᠤᠨ ᠮᠦᠽᠧᠶ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ ᠪᠠᠶᠢᠴᠠᠭᠠᠨ ᠰᠤᠳᠤᠯᠬᠤ ᠳᠤᠭᠤᠶᠢᠯᠠᠩ ᠤᠨ | ᠦᠵᠡᠬᠦ ᠪᠠᠷ᠂ ᠵᠠᠯᠠᠨ ᠠᠶᠢᠯ ᠬᠤᠲᠠ ᠰᠢᠨ᠎ᠡ ᠨᠢᠭᠡ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠦᠷ᠎ᠡ ᠪᠦᠲᠦᠮᠵᠢ ᠢᠯᠡᠳᠲᠡ ᠪᠠᠶᠢᠵᠤ᠂ ᠰᠣᠶᠣᠯ ᠵᠢᠭᠤᠯᠴᠢᠯᠠᠯ᠂ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ | ᠬᠥᠭᠵᠢᠯᠲᠡ ᠲᠦᠷᠭᠡᠨ ᠪᠠᠶᠢᠵᠤ᠂ ᠠᠵᠤ ᠠᠬᠤᠶ ᠨᠡᠶᠢᠭᠡᠮ ᠳᠤ ᠬᠦᠴᠦᠷᠬᠡᠭ ᠶᠡᠭᠡ ᠬᠥᠭᠵᠢᠯᠲᠡ ᠶᠢᠨ ᠪᠠᠶᠢᠳᠠᠯ ᠢᠯᠡᠷᠡᠪᠡ᠃ ᠢᠯᠠᠩᠭᠤᠶ᠎ᠠ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠦᠷᠳᠡᠭ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠵᠡᠷᠭᠡ ᠤᠯᠠᠨ | ᠵᠦᠢᠯ ᠤᠨ ᠭᠦᠢᠴᠡᠳᠬᠡᠯ ᠲᠤᠭ᠎ᠠ ᠶᠢ ᠴᠥᠮ ᠬᠥᠯᠥᠨ ᠪᠤᠶᠢᠷ ᠬᠤᠳᠠ ᠶᠢᠨ ᠡᠮᠦᠨ᠎ᠡ ᠡᠩᠨᠡᠭᠡᠨ ᠳᠤ ᠵᠢᠭᠰᠠᠭᠠᠵᠤ᠂ ᠬᠥᠯᠥᠨ ᠪᠤᠶᠢᠷ ᠬᠤᠳᠠ ᠶᠢᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠬᠤᠶᠠᠷ ᠭᠠᠵᠠᠷ ᠤᠨ ᠤᠯᠤᠰ ᠲᠥᠷᠥ ᠶᠢᠨ ᠵᠥᠪᠯᠡᠯᠭᠡᠨ ᠤ ᠬᠠᠷᠢᠯᠴᠠᠨ ᠰᠤᠷᠤᠯᠴᠠᠵᠤ ᠬᠠᠷᠢᠯᠴᠠᠨ | ᠤᠷᠤᠭᠰᠢᠯᠠᠬᠤ ᠶᠢ ᠭᠦᠨᠵᠡᠭᠡᠶᠢᠷᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠪᠥᠭᠡᠳ ᠬᠤᠶᠠᠷ ᠭᠠᠵᠠᠷ ᠤᠨ ᠤᠯᠤᠰ ᠲᠥᠷᠥ ᠶᠢᠨ ᠵᠥᠪᠯᠡᠯᠭᠡᠨ ᠤ ᠲᠤᠬᠠᠶ ᠶᠢᠨ | ᠭᠠᠵᠠᠷ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠭᠠᠷ ᠬᠤᠯᠪᠣᠨ ᠳᠡᠮᠵᠢᠬᠦ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃ | |