ᠵᠠᠯᠠᠨ ᠠᠶᠢᠯ ᠬᠤᠲᠠ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/13
      ᠲᠦᠷᠦᠭᠦᠬᠡᠨ᠂ ᠵᠠᠯᠠᠨ ᠠᠶᠢᠯ ᠬᠤᠲᠠ ᠶᠢᠨ  ᠨᠠᠮ ᠤᠨ ᠬᠤᠷᠢᠶᠠᠨ ᠤ ᠪᠠᠶᠢᠩᠭᠤ ᠶᠢᠨ  ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠦ᠋ ᠴᠧᠨ ᠳ᠋ᠦᠩ ᠪᠥᠬᠦ ᠬᠤᠲᠠ ᠶᠢᠨ ᠠᠶᠤᠯᠭᠦᠶ ᠦᠶ᠋ᠯᠡᠳᠪᠦᠷᠢᠯᠡᠯ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠣᠯ ᠬᠠᠷᠢᠭᠤᠴᠠᠯᠭᠠᠲᠠᠨ᠂ ᠰᠠᠭᠤᠭ᠎ᠠ ᠭᠤᠣᠯᠳᠠᠯᠭ᠎ᠠ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠥᠪᠯᠡᠯ᠂ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ ᠵᠡᠷᠭᠡ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠡᠯ᠎ᠡ  ᠰᠤᠮᠤ ᠪᠠᠯᠭᠠᠰᠤᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ᠂  ᠬᠤᠪᠢᠶᠠᠷᠠᠯᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠵᠢᠴᠢ ᠰᠠᠭᠤᠭ᠎ᠠ ᠬᠡᠰᠡᠭ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ ᠬᠤᠪᠢᠶᠠᠷᠢ ᠬᠤᠷᠠᠯ ᠤᠨ ᠲᠠᠯᠠᠪᠠᠢ ᠳᠤ ᠣᠷᠣᠯᠴᠠᠪᠠ᠃      ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠡᠷᠡᠰ ᠰᠠᠶᠢᠲᠤᠷ ᠠᠳᠬᠤᠵᠤ᠂ ᠡᠯ᠎ᠡ ᠵᠦᠢᠯ ᠤᠨ ᠠᠳᠡᠯ ᠭᠠᠷᠬᠤ  ᠢ ᠡᠷᠡᠰ ᠬᠤᠷᠢᠭᠯᠠᠵᠤ᠂ ᠵᠦᠳᠡᠷᠡᠯ ᠤᠨ ᠵᠢᠭᠠᠯᠲᠠ ᠲᠤᠭ᠎ᠠ ᠪᠠᠷ ᠠᠷᠠᠳ ᠤᠯᠠᠨ ᠤ ᠠᠮᠤᠷ ᠲᠦᠪᠰᠢᠨ ᠵᠣᠯ ᠵᠢᠷᠭᠠᠯ ᠤᠨ ᠲᠦᠷᠦᠭᠳᠡᠯ ᠢ ᠳᠡᠭᠡᠭᠰᠢᠯᠡᠭᠦᠯᠵᠦ᠂ ᠥᠨᠳᠥᠷ ᠲᠦᠪᠰᠢᠨ ᠤ ᠠᠮᠤᠷ ᠲᠦᠪᠰᠢᠨ ᠤ ᠪᠠᠲᠤᠯᠠᠭ᠎ᠠ ᠪᠠᠷ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃      ᠬᠤᠷᠠᠯ ᠠᠴᠠ᠂ ᠣᠳᠣᠬᠠᠨ ᠤ ᠮᠠᠨ ᠤ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠰᠡᠷᠭᠡᠭ ᠢᠶᠠᠷ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠪᠦᠬᠦ ᠬᠤᠳᠠ ᠶᠢᠨ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠬᠦᠴᠦᠲᠡᠢ ᠠᠷᠭ᠎ᠠ ᠬᠡᠮᠵᠢᠶ᠎ᠡ ᠪᠠᠷ ᠦᠢᠯᠡᠳᠪᠦᠷᠢᠯᠡᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ