ᠪᠠᠭᠰᠢ ᠶᠢᠨ ᠪᠠᠶᠠᠷ ᠲᠤ ᠲᠠᠯᠠᠷᠬᠠᠵᠤ᠂ ᠬᠦᠰᠡᠯ ᠵᠡᠭᠦᠳᠦ ᠪᠠᠨ ᠲᠡᠷᠭᠡᠯᠰᠢᠭᠦᠯᠦᠭᠴᠢ ᠳᠤ ᠬᠦᠨᠳᠦᠳᠬᠡᠯ ᠳᠡᠪᠰᠢᠭᠦᠯᠦᠨ᠎ᠡ — ᠵᠠᠯᠠᠨ ᠠᠶᠢᠯ ᠬᠤᠳᠠ ᠶᠢᠨ ᠣᠷᠴᠣᠨ ᠤ ᠦᠨᠳᠦᠰᠦᠲᠡᠨ ᠤ ᠰᠤᠷᠭᠠᠭᠤᠯᠢ ᠶᠢᠨ ᠬᠢᠨ ᠭᠤᠴᠢ ᠶᠢᠰᠦᠳᠦᠭᠡᠷ ᠣᠲᠠᠭ᠎ᠠ ᠶᠢᠨ ᠪᠠᠭᠰᠢ ᠶᠢᠨ ᠪᠠᠶᠠᠷ ᠤᠨ ᠡᠳᠦᠷ ᠵᠢᠴᠢ ᠠᠴᠢ ᠬᠠᠷᠢᠭᠤᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/9/13
      2023 ᠣᠨ ᠤ 9 ᠰᠠᠷ᠎ᠠ ᠶᠢᠨ 10      ᠤ ᠡᠳᠦᠷ ᠪᠣᠯ ᠭᠤᠴᠢ ᠶᠢᠰᠦᠳᠦᠭᠡᠷ ᠣᠳᠠᠭᠠᠨ ᠤ ᠪᠠᠭᠰᠢ ᠶᠢᠨ ᠪᠠᠶᠠᠷ ᠤᠨ ᠡᠳᠦᠷ ᠪᠣᠯᠤᠨ᠎ᠠ᠂ ᠮᠥᠨᠴᠦ ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠲᠠ ᠲᠠᠢ ᠬᠤᠷᠠᠯᠳᠤᠭᠰᠠᠨ ᠤ ᠳᠠᠷᠠᠭᠠᠬᠢ ᠠᠩᠬᠠᠳᠠᠭᠴᠢ ᠪᠠᠭᠰᠢ ᠶᠢᠨ ᠪᠠᠶᠠᠷ ᠤᠨ ᠡᠳᠦᠷ ᠪᠣᠯᠤᠨ᠎ᠠ᠃ ᠡᠨᠡ ᠵᠢᠯ ᠤᠨ ᠪᠠᠭᠰᠢ ᠶᠢᠨ ᠪᠠᠶᠠᠷ ᠤᠨ ᠭᠤᠣᠯ ᠰᠡᠳᠦᠪ ᠪᠣᠯ᠄ ᠪᠡᠶ᠎ᠡ ᠪᠠᠷ ᠢᠶᠠᠨ ᠲᠠᠷᠢᠶᠠᠯᠠᠵᠤ᠂ ᠬᠦᠴᠦᠷᠬᠡᠭ ᠤᠯᠤᠰ ᠲᠤ ᠪᠢ ᠪᠠᠶᠢᠨ᠎ᠠ᠃        ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠶᠡᠬᠡᠪᠡᠷ ᠪᠠᠳᠠᠷᠠᠭᠤᠯᠵᠤ᠂ ᠥᠷᠭᠡᠨ ᠣᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠨ ᠤ ᠢᠷᠠᠭᠤ ᠠᠯᠳᠠᠷᠲᠤ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ 2023 ᠣᠨ ᠤ ︽ᠪᠠᠭᠰᠢ ᠶᠢᠨ ᠪᠠᠶᠠᠷ︾ ᠤᠨ ᠬᠤᠭᠤᠴᠠᠭᠠᠨ ᠳᠤ᠂ ᠵᠠᠯᠠᠨ ᠠᠶᠢᠯ ᠬᠤᠲᠠ ᠶᠢᠨ ᠣᠷᠴᠣᠨ ᠤ ᠦᠨᠳᠦᠰᠦᠲᠡᠨ ᠤ ᠰᠤᠷᠭᠠᠭᠤᠯᠢ ᠨᠤᠭᠤᠳ ᠭᠤᠴᠢ ᠶᠢᠰᠦᠳᠦᠭᠡᠷ ᠣᠳᠠᠭᠠᠨ ᠤ  ᠪᠠᠭᠰᠢ ᠶᠢᠨ ᠪᠠᠶᠠᠷ ᠤᠨ  ᠡᠳᠤᠷ ᠵᠢᠴᠢ‌ᠠᠴᠢ ᠬᠠᠷᠢᠭᠤᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠪᠠᠭᠰᠢ ᠶᠢᠨ ᠠᠴᠢ ᠶᠢ ᠰᠠᠨᠠᠭᠠᠯᠵᠠᠬᠤ᠂ ᠪᠠᠭᠰᠢ ᠪᠠᠨ ᠬᠦᠨᠳᠦᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠨ᠎ᠠ᠃      ᠪᠠᠭᠰᠢ ᠶᠢᠨ ᠪᠠᠶᠠᠷ ᠤᠨ ᠡᠳᠦᠷ ᠢ ᠮᠠᠭᠲᠠᠨ ᠰᠠᠶᠢᠰᠢᠶᠠᠵᠤ᠂ ᠪᠠᠭᠰᠢ ᠪᠠᠨ ᠬᠦᠨᠳᠦᠯᠡᠬᠦ ᠰᠡᠳᠬᠢᠯᠭᠡ ᠪᠠᠷ ᠪᠢᠯᠬᠠᠨ᠎ᠠ᠃ ᠤᠯᠤᠰ ᠤᠨ ᠲᠤᠭ ᠮᠠᠨᠳᠤᠭᠤᠯᠬᠤ ᠶᠣᠰᠣᠯᠠᠯ ᠳᠡᠭᠡᠷ᠎ᠡ᠂ ᠰᠤᠷᠭᠠᠭᠤᠯᠢ ᠠᠴᠠ ᠤᠯᠤᠰ ᠤᠨ ᠲᠤᠭ ᠤᠨ ᠳᠣᠣᠷ᠎ᠠ ᠶᠠᠷᠢᠶ᠎ᠠ ᠲᠠᠯᠪᠢᠬᠤ ᠪᠠᠷ ᠳᠠᠮᠵᠢᠨ ᠪᠦᠬᠦ ᠰᠤᠷᠭᠠᠭᠤᠯᠢ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠦᠨᠡᠨ ᠰᠡᠳᠬᠢᠯ ᠠᠴᠠ ᠪᠠᠨ ᠪᠠᠭᠰᠢ ᠨᠠᠷ ᠲᠠᠢ ᠨᠡᠪᠲᠡᠷᠡᠯᠴᠡᠬᠦ ᠬᠥᠭᠦᠷᠭᠡ ᠪᠤᠰᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠠᠭᠰᠢ ᠨᠠᠷ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠠᠴᠢ ᠬᠠᠷᠢᠭᠤᠯᠬᠤ ᠶᠢ ᠤᠷᠢᠶᠠᠯᠠᠪᠠ᠃ᠲᠤᠰ ᠠᠵᠢᠯᠯᠠᠭ᠎ᠠ ᠨᠢ ︽ᠬᠠᠶᠢᠷ᠎ᠠ ᠪᠠᠨ ᠬᠡᠯᠡᠵᠦ ᠭᠠᠷᠭᠠᠬᠤ︾᠂ ︽ᠢᠷᠥᠭᠡᠯ ᠵᠥᠩᠨᠡᠯ ᠢᠶᠠᠨ ᠪᠠᠭᠰᠢ ᠳᠠᠭᠠᠨ ᠬᠦᠷᠭᠡᠶ᠎ᠡ︾ ᠭᠡᠬᠦ ᠭᠤᠣᠯ ᠰᠡᠳᠦᠪ ᠤᠨ ᠲᠣᠭᠤᠷᠢᠨ ᠳᠤ ᠶᠠᠪᠤᠭᠳᠠᠵᠤ᠂ ᠡᠯ᠎ᠡ ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠪᠠᠭᠰᠢ ᠳᠠᠭᠠᠨ ᠵᠠᠬᠢᠳᠠᠯ ᠪᠢᠴᠢᠬᠦ᠂ ᠪᠠᠭᠰᠢ ᠳᠠᠭᠠᠨ ᠪᠠᠶᠠᠷ ᠤᠨ ᠺᠠᠷᠲ ᠬᠢᠬᠦ᠂ ᠪᠠᠭᠰᠢ ᠳᠠᠭᠠᠨ ᠵᠢᠷᠤᠭ ᠵᠢᠷᠤᠬᠤ᠂ ᠪᠠᠭᠰᠢ ᠨᠠᠷ ᠢ ᠤᠷᠢᠵᠤ ᠨᠠᠶᠢᠷᠯᠠᠬᠤ ᠵᠡᠷᠭᠡ ᠬᠡᠯᠪᠡᠷᠢ ᠪᠠᠷ ᠪᠠᠭᠰᠢ ᠨᠠᠷ ᠲᠤ ᠲᠠᠯᠠᠷᠬᠠᠯ ᠤᠨ ᠰᠡᠳᠬᠢᠯ ᠪᠠ ᠴᠢᠩ ᠰᠡᠳᠬᠢᠯ ᠤᠨ ᠵᠥᠩᠨᠡᠯ ᠳᠡᠪᠰᠢᠭᠦᠯᠵᠡᠢ᠃  ᠬᠡᠯᠡᠭᠰᠡᠨ ᠦᠭᠡ ᠪᠣᠯᠭᠠᠨ ᠭᠦᠨ ᠬᠦᠨᠳᠣᠳᠭᠡᠯ ᠂ ᠪᠢᠴᠢᠭᠰᠡᠨ  ᠦᠰᠦᠭ‌‍ᠪᠣᠯᠭᠠᠨ ᠬᠠᠯᠠᠭᠤᠨ ᠬᠠᠶᠢᠷ᠎ᠠ ᠪᠠᠶᠢᠨ᠎ᠠ᠃ ᠬᠢᠴᠢᠶᠡᠯ ᠪᠠᠭᠤᠭᠰᠠᠨ ᠤ ᠲᠠᠷᠠᠭ᠎ᠠ᠂ ᠰᠤᠷᠤᠭᠴᠢᠳ ᠪᠠᠭᠰᠢ ᠨᠠᠷ ᠲᠠᠢ ᠪᠠᠨ ᠬᠠᠯᠠᠭᠤᠮᠰᠤᠭ ᠢᠶᠠᠷ ᠬᠠᠮᠲᠤ ᠶᠢᠨ ᠰᠡᠭᠦᠳᠡᠷ ᠲᠠᠲᠠᠭᠤᠯᠤᠨ ᠳᠤᠷᠠᠰᠬᠠᠯ ᠦᠯᠡᠳᠡᠭᠡᠵᠦ᠂ ᠰᠡᠭᠦᠳᠡᠷᠯᠡᠬᠦ ᠮᠠᠰᠢᠨ ᠢᠶᠠᠷ ᠪᠠᠭᠰᠢ ᠰᠤᠷᠤᠭᠴᠢᠳ ᠤᠨ ᠬᠤᠭᠤᠷᠣᠨᠳᠣᠬᠢ ᠰᠡᠳᠬᠢᠯ ᠬᠥᠳᠡᠯᠭᠡᠮ᠎ᠡ ᠬᠠᠮᠤᠭ ᠤᠨ ᠰᠠᠶᠢᠬᠠᠨ ᠴᠠᠭ ᠮᠥᠴᠡ ᠶᠢ ᠦᠯᠡᠳᠡᠭᠡᠪᠡ᠃      ᠬᠦᠢᠯᠡᠰᠦᠨ ᠪᠣᠷᠣᠭᠠᠨ ᠢ ᠲᠤᠭᠤᠯᠵᠤ᠂ ᠪᠠᠭᠰᠢ ᠶᠢᠨ ᠢᠶᠠᠨ ᠠᠴᠢ ᠶᠢ ᠨᠠᠰᠤᠨ ᠲᠤᠷᠰᠢᠳᠠ ᠮᠥᠷᠥᠭᠡᠳᠦᠨ ᠰᠠᠨᠠᠭᠠᠯᠵᠠᠨ᠎ᠠ᠃ ᠵᠠᠯᠠᠨ ᠠᠶᠢᠯ ᠬᠤᠲᠠ ᠶᠢᠨ ᠣᠷᠴᠣᠨ ᠤ ᠦᠨᠳᠦᠰᠦᠲᠡᠨ ᠤ ᠰᠤᠷᠭᠠᠭᠤᠯᠢ ᠶᠢᠨ ᠬᠢᠨ ᠥᠷᠭᠡᠨ ᠤᠯᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯ ᠢ ᠵᠠᠯᠭᠠᠮᠵᠢᠯᠠᠬᠤ ᠶᠢ ᠬᠦᠳᠦᠯᠦᠨ ᠵᠢᠯᠣᠭᠤᠳᠴᠤ᠂ ᠮᠡᠳᠡᠯᠭᠡ ᠶᠢ ᠬᠦᠨᠳᠦᠳᠬᠡᠬᠦ᠂ ᠪᠠᠭᠰᠢ ᠶᠢ ᠬᠦᠨᠳᠦᠳᠬᠡᠬᠦ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠪᠠᠶᠢᠨ᠎ᠠ᠃ 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ