ᠺᠠᠳ᠋ᠷ ᠢ ᠲᠣᠮᠢᠯᠠᠬᠤ ᠠᠴᠠ ᠡᠮᠦᠨ᠎ᠡ ᠵᠠᠷᠯᠠᠨ ᠨᠡᠶᠢᠲᠡᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/9/13
    ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠠᠴᠠ ᠳᠣᠤᠷᠠᠬᠢ 10 ᠺᠠᠳ᠋ᠷ ᠢ ᠳᠡᠪᠰᠢᠭᠦᠯᠬᠦ ᠪᠠ ᠤᠯᠠᠮ ᠨᠢᠭᠡ ᠠᠯᠬᠤᠮ ᠬᠡᠷᠡᠭᠯᠡᠬᠦ ᠶᠢ ᠲᠤᠰᠢᠶᠠᠯ ᠡᠭᠦᠷᠭᠡᠯᠡᠬᠦ ᠠᠴᠠ ᠡᠮᠦᠨ᠎ᠡ ᠵᠠᠷᠯᠠᠨ ᠨᠡᠶᠢᠲᠡᠯᠡᠬᠦ ᠪᠠᠷ ᠰᠤᠳᠤᠯᠤᠨ ᠲᠣᠭᠲᠠᠭᠠᠪᠠ᠃    ᠨᠢᠭᠡ᠂ ᠢᠯᠡ ᠨᠡᠶᠢᠲᠡᠯᠡᠬᠦ ᠨᠡᠷᠡᠰ    ᠯᠢᠦ ᠭᠥᠸᠧ ᠵᠦ᠂ ᠡᠷᠡᠭᠲᠡᠶ᠂ ᠬᠢᠲᠠᠳ ᠦᠨᠳᠦᠰᠦᠲᠡᠨ᠂ 1983 ᠣᠨ ᠤ 2 ᠰᠠᠷ᠎ᠠ ᠳᠤ ᠲᠦᠷᠦᠵᠡᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠪᠠᠴᠤᠯᠤᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠤᠳᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠲᠠᠢ᠂ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠠᠶᠢᠨ᠎ᠠ᠃    ᠰᠦᠩ ᠢᠦᠢ ᠢᠦᠢ᠂ ᠡᠮᠡᠭᠲᠡᠢ᠂ ᠬᠢᠲᠠᠳ ᠦᠨᠳᠦᠰᠦᠲᠡᠨ᠂ 1980 ᠣᠨ ᠤ 7 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠬᠤᠶᠠᠳᠤᠭᠠᠷ ᠳᠡᠰ ᠤᠨ ᠡᠷᠬᠢᠯᠡᠭᠴᠢ ᠶᠢᠨ ᠭᠡᠰᠢᠭᠦᠴᠢ ᠶᠢᠨ ᠲᠤᠰᠢᠶᠠᠯ ᠲᠠᠢ᠂ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠪᠠᠶᠢᠩᠭᠤ ᠶᠢᠨ ᠳᠡᠳ᠋ ᠲᠤᠰᠢᠶᠠᠯ ᠳᠤ ᠲᠣᠮᠢᠯᠠᠬᠤ ᠪᠠᠷ ᠪᠠᠶᠢᠨ᠎ᠠ᠃    ᠰᠦᠨ  ᠳ᠋ᠧ ᠸᠧᠶ᠂ ᠡᠷᠡᠭᠲᠡᠶ᠂ ᠮᠣᠩᠭᠤᠯ ᠦᠨᠳᠦᠰᠦᠲᠡᠨ᠂ 1978 ᠣᠨ ᠤ 1 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠾᠧ ᠰᠢ ᠵᠡᠭᠡᠯᠢ ᠶᠢᠨ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ᠂ ᠤᠯᠠᠨ ᠲᠦᠮᠡᠨ ᠤ ᠪᠦᠯᠬᠦᠮ ᠤᠨ ᠪᠠᠶᠢᠭᠤᠯᠭ᠎ᠠ ᠶᠢᠨ ᠵᠢᠩᠬᠢᠨᠢ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠠᠶᠢᠨ᠎ᠠ᠃    ᠡᠦ  ᠸᠧᠨ ᠵᠢᠶᠦ᠋ᠨ᠂ ᠡᠷᠡᠭᠲᠡᠶ᠂ ᠮᠠᠨᠵᠤ ᠦᠨᠳᠦᠰᠦᠲᠡᠨ᠂ 1969 ᠣᠨ ᠤ 3 ᠰᠠᠷ᠎ᠠ ᠳᠤ ᠲᠦᠷᠦᠵᠠᠢ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ᠂ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠵᠢᠩᠬᠢᠨᠢ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠠᠶᠢᠨ᠎ᠠ᠃    ᠵᠦ ᠵᠢᠶ ᠦ᠋᠂ ᠡᠷᠡᠭᠲᠡᠶ᠂ ᠮᠣᠩᠭᠤᠯ ᠦᠨᠳᠦᠰᠦᠲᠡᠨ᠂ 1985 ᠣᠨ ᠤ 11 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠢᠨᠵᠧᠨᠧᠷᠢᠩ ᠤᠨ ᠤᠬᠠᠭᠠᠨ ᠤ ᠪᠠᠴᠤᠯᠤᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠣᠪᠴᠢᠶᠠᠨ ᠳᠠᠷᠤᠭ᠎ᠠ ᠶᠢᠨ ᠲᠤᠰᠢᠶᠠᠯ ᠲᠠᠢ᠂ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠣᠶ᠃    ᠮᠠ ᠼᠠᠢ᠂ ᠡᠷᠡᠭᠲᠡᠶ᠂ ᠬᠢᠲᠠᠳ ᠦᠨᠳᠦᠰᠦᠲᠡᠨ᠂ 1981 ᠣᠨ ᠤ 5 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠮᠥᠴᠢ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠪᠠᠯᠭᠠᠰᠤᠨ ᠤ ᠳᠡᠳ᠋ ᠳᠠᠷᠤᠭ᠎ᠠ᠂ ᠬᠤᠶᠠᠳᠤᠭᠠᠷ ᠳᠡᠰ ᠤᠨ ᠡᠷᠬᠢᠯᠡᠭᠴᠢ ᠶᠢᠨ ᠭᠡᠰᠢᠭᠦᠴᠢ ᠶᠢᠨ ᠲᠤᠰᠢᠶᠠᠯ ᠲᠠᠢ᠂ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠶᠢᠨ ᠲᠤᠰᠢᠶᠠᠯ ᠳᠤ ᠲᠣᠮᠢᠯᠠᠬᠤ ᠪᠠᠷ ᠪᠣᠶ᠃    ᠸᠧᠶ ᠽᠢ  ᠹᠠᠨ᠂ ᠡᠷᠡᠭᠲᠡᠶ᠂ ᠬᠢᠲᠠᠳ ᠦᠨᠳᠦᠰᠦᠲᠡᠨ᠂ 1993 ᠣᠨ ᠤ 12 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠬᠠᠮᠢᠶᠠᠷᠤᠯᠲᠠ ᠶᠢᠨ ᠤᠬᠠᠭᠠᠨ ᠤ ᠪᠠᠴᠤᠯᠤᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠤᠤ ᠷᠤᠤ ᠱᠠᠨ ᠪᠠᠯᠭᠠᠰᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠲᠠᠢ᠂ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠲᠤᠰᠢᠶᠠᠯ ᠳᠤ ᠲᠣᠮᠢᠯᠠᠬᠤ ᠪᠠᠷ ᠪᠠᠶᠢᠨ᠎ᠠ᠃    ᠸᠠᠩ ᠯᠢ  ᠵᠦ᠋᠂ ᠡᠷᠡᠭᠲᠡᠶ᠂ ᠬᠢᠲᠠᠳ ᠦᠨᠳᠦᠰᠦᠲᠡᠨ᠂ 1990 ᠣᠨ ᠤ 4 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠪᠠᠴᠤᠯᠤᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠠᠮᠠ ᠵᠡᠭᠡᠯᠢ ᠶᠢᠨ ᠲᠣᠮᠢᠯᠠᠭᠰᠠᠨ ᠰᠠᠯᠪᠤᠷᠢ ᠶᠢᠨ ᠬᠠᠷᠢᠭᠤᠴᠠᠯᠭᠠᠲᠠᠨ᠂ ᠭᠤᠷᠪᠠᠳᠤᠭᠠᠷ ᠳᠡᠰ ᠤᠨ ᠴᠠᠭᠳᠠᠭᠠᠨ ᠳᠠᠷᠤᠭ᠎ᠠ ᠶᠢᠨ ᠲᠤᠰᠢᠶᠠᠯ ᠲᠠᠢ᠂ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠠᠶᠢᠨ᠎ᠠ᠃    ᠹᠠᠨ  ᠮᠧᠩ᠂ ᠡᠷᠡᠭᠲᠡᠶ᠂ ᠬᠢᠲᠠᠳ ᠦᠨᠳᠦᠰᠦᠲᠡᠨ᠂ 1991 ᠣᠨ ᠤ 10 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠲᠧᠭᠨᠢᠭ ᠤᠨ ᠤᠬᠠᠭᠠᠨ ᠤ ᠪᠠᠴᠤᠯᠤᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠸᠠ ᠳ᠋ᠢ ᠲᠣᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ᠂ ᠭᠤᠷᠪᠠᠳᠤᠭᠠᠷ ᠳᠡᠰ ᠤᠨ ᠴᠠᠭᠳᠠᠭᠠᠨ ᠳᠠᠷᠤᠭ᠎ᠠ ᠶᠢᠨ ᠲᠤᠰᠢᠶᠠᠯ ᠲᠠᠢ᠂ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠠᠶᠢᠨ᠎ᠠ᠃    ᠵᠠᠩ ᠴᠧᠨ ᠰᠢᠤᠢ᠂ ᠡᠷᠡᠭᠲᠡᠶ᠂ ᠮᠣᠩᠭᠤᠯ ᠦᠨᠳᠦᠰᠦᠲᠡᠨ᠂ 1993 ᠣᠨ ᠤ 2 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠪᠠᠴᠤᠯᠤᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠠᠳᠤᠾᠤ ᠪᠠᠯᠭᠠᠰᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠬᠡᠷ ᠤᠨ ᠨᠢᠭᠡᠳᠦᠭᠡᠷ ᠳᠡᠰ ᠤᠨ ᠭᠡᠰᠢᠭᠦᠴᠢ ᠶᠢᠨ ᠲᠤᠰᠢᠶᠠᠯ ᠲᠠᠢ᠂ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃    ᠬᠤᠶᠠᠷ᠂ ᠢᠯᠡ ᠨᠡᠶᠢᠲᠡᠯᠡᠬᠦ ᠴᠠᠭ    2023 ᠣᠨ ᠤ 9 ᠰᠠᠷ᠎ᠠ ᠶᠢᠨ 4      ᠠᠴᠠ 2023 ᠣᠨ ᠤ 9 ᠰᠠᠷ᠎ᠠ ᠶᠢᠨ 8      ᠤ ᠡᠳᠦᠷ ᠪᠣᠯᠲᠠᠯ᠎ᠠ᠃    ᠭᠤᠷᠪᠠ᠂ ᠬᠦᠯᠢᠶᠡᠨ ᠠᠪᠴᠤ ᠰᠢᠶ᠋ᠳᠪᠦᠷᠢᠯᠡᠬᠦ ᠠᠷᠭ᠎ᠠ ᠮᠠᠶ᠋ᠢᠭ    ᠨᠢᠭᠡᠴᠡ ᠪᠣᠯᠤᠨ ᠬᠤᠪᠢ ᠬᠥᠮᠦᠨ ᠰᠤᠷᠪᠤᠯᠵᠢᠯᠠᠬᠤ ᠪᠠᠷ ᠢᠷᠡᠭᠰᠡᠨ᠂ ᠵᠠᠬᠢᠳᠠᠯ ᠢᠷᠡᠭᠦᠯᠦᠭᠰᠡᠨ᠂ ᠤᠲᠠᠰᠤ ᠢᠷᠡᠭᠦᠯᠦᠭᠰᠡᠨ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠤᠨ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠪᠣᠯᠭᠠᠬᠤ ᠶᠢᠨ ᠲᠥᠯᠥᠭᠡ᠂ ᠠᠰᠠᠭᠤᠳᠠᠯ ᠢ ᠲᠤᠰᠬᠠᠬᠤ ᠳᠠᠭᠠᠨ ᠬᠠᠮᠢᠶ᠎ᠠ ᠪᠥᠬᠦᠶ ᠰᠦᠪᠡᠭᠴᠢ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠭᠠᠷᠠᠶ᠃ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠰᠠᠬᠢᠵᠤ᠂ ᠠᠰᠠᠭᠤᠳᠠᠯ ᠢ ᠲᠤᠰᠬᠠᠭᠰᠠᠳ ᠵᠢᠴᠢ ᠲᠤᠰᠬᠠᠭᠰᠠᠨ ᠠᠰᠠᠭᠤᠳᠠᠯ ᠤᠨ ᠨᠢᠭᠤᠴᠠ ᠶᠢ ᠴᠢᠩᠭ᠎ᠠ ᠬᠠᠮᠠᠭᠠᠯᠠᠵᠤ᠂ ᠪᠠᠶᠢᠳᠠᠯ ᠢ ᠴᠠᠭ ᠲᠤᠬᠠᠶ ᠳᠤᠨᠢ ᠬᠠᠷᠢᠭᠤ ᠲᠤᠰᠬᠠᠵᠤ ᠬᠢᠨᠠᠨ ᠬᠠᠷᠭᠤᠭᠤᠯᠤᠨ᠎ᠠ᠃    ᠵᠠᠷᠯᠠᠨ ᠨᠡᠶᠢᠲᠡᠯᠡᠬᠦ ᠠᠯᠪᠠᠨ ᠬᠡᠷ ᠢ ᠵᠠᠯᠠᠨ ᠠᠶᠢᠯ ᠬᠤᠲᠠ ᠶᠢᠨ ᠾᠧ ᠰᠢ ᠰᠢᠨ᠎ᠡ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 5020 ᠳ᠋ᠤᠭᠠᠷ ᠥᠷᠥᠭᠡᠨ ᠳᠤ ᠲᠣᠬᠢᠷᠠᠭᠤᠯᠪᠠ᠃    ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 — 12᠄ 00᠂ ᠦᠳᠡ ᠶᠢᠨ ᠬᠤᠶᠢᠨᠠᠬᠢ 14᠄ 00 — 17᠄ 00᠃    ᠬᠦᠯᠢᠶᠡᠨ ᠠᠪᠬᠤ ᠤᠲᠠᠰᠤ᠄ ︵0470︶ 12380᠃    ᠣᠨᠴᠠᠭᠠᠶᠢᠯᠠᠨ ᠵᠠᠷᠯᠠᠪᠠ              ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠬᠤᠷᠢᠶᠠᠨ ᠤ                             ᠵᠣᠬᠢᠶᠠᠨ ᠪᠠᠶᠢᠭᠤᠯᠬᠤ ᠬᠡᠯᠲᠡᠰ                                                       2023 ᠣᠨ ᠤ 9 ᠰᠠᠷ᠎ᠠ ᠶᠢᠨ 3       ᠤ ᠡᠳᠦᠷ
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ