ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠠᠬᠤᠶ ᠶᠢᠨ ᠬᠠᠮᠠᠭᠠᠯᠠᠯᠲᠠ ᠶᠢᠨ ᠪᠠᠶᠢᠳᠠᠯ ᠤᠨ ᠬᠢᠨᠠᠨ ᠪᠠᠶᠢᠴᠠᠭᠠᠬᠤ ᠠᠯᠪᠠᠨ ᠵᠠᠷ ᠤᠨ ᠵᠠᠷᠯᠠᠬᠤ
ᠨᠡᠶᠢᠲᠡᠯᠡᠭᠰᠡᠨ ᠴᠠᠭ᠄
2023/9/13
      ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠢ ᠎ᠠ᠂ ᠵᠠᠰᠠᠭ ᠤᠨ ᠣᠷᠳᠣᠨ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠰᠢ ᠶᠢᠨ ᠫᠢᠩ ᠬᠤᠳᠠ ᠳᠤ ᠣᠷᠣᠵᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ      ᠬᠤᠶᠠᠳᠤᠭᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠣᠷᠣᠵᠤ ᠰᠠᠭᠤᠬᠤ ᠴᠠᠭ ᠨᠢ 2023 ᠣᠨ ᠤ 9 ᠰᠠᠷ᠎ᠠ ᠶᠢᠨ 1       ᠤ ᠡᠳᠦᠷ ᠠᠴᠠ 9 ᠰᠠᠷ᠎ᠠ ᠶᠢᠨ 25      ᠤ ᠡᠳᠦᠷ ᠪᠣᠯᠲᠠᠯ᠎ᠠ᠂ ᠨᠡᠶᠢᠳᠡ 25 ᠡᠳᠦᠷ ᠪᠣᠯᠤᠨ᠎ᠠ᠃      ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠣᠷᠣᠵᠤ ᠰᠠᠭᠤᠬᠤ ᠬᠤᠭᠤᠴᠠᠭᠠᠨ ᠳᠤ ᠲᠤᠰᠬᠠᠢ ᠵᠢᠵᠢᠭᠦᠷ ᠤᠨ ᠤᠲᠠᠰᠤ ᠲᠤᠬᠢᠷᠠᠭᠤᠯᠤᠨ᠎ᠠ᠄ 0470 — 8295058 ᠪᠣᠯᠤᠨ᠎ᠠ᠃ ᠲᠤᠰᠬᠠᠶ ᠰᠢᠤᠳᠠᠨ ᠤ ᠵᠠᠬᠢᠳᠠᠯ ᠤᠨ ᠬᠠᠶᠢᠷᠴᠠᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠤᠨ A313 ᠳ᠋ᠤᠭᠠᠷ ᠰᠢᠤᠳᠠᠨ ᠤ ᠵᠠᠬᠢᠳᠠᠯ ᠤᠨ ᠬᠠᠶᠢᠷᠴᠠᠭ᠃ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠤᠯᠠᠨ ᠲᠦᠮᠡᠨ ᠤ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ ᠡᠳᠦᠷ ᠪᠦᠷᠢ ᠶᠢᠨ 8᠄ 00 — 20᠄ 00 ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢ᠊ ᠡᠶ᠎ᠡ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠭᠤᠣᠯᠳᠠᠭᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠶᠢᠨ ᠵᠠᠬᠢᠳᠠᠯᠪᠤᠰᠤᠳ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠲᠣᠭᠲᠠᠭᠠᠯ ᠶᠣᠰᠣᠭᠠᠷ ᠱᠠᠯᠠᠪᠳᠠᠭᠤᠯᠤᠨ ᠪᠠᠶᠢᠴᠠᠭᠠᠭᠳᠠᠵᠤ ᠪᠠᠶᠢᠭ᠎ᠠ ᠭᠠᠵᠠᠷ ᠣᠷᠣᠨ ᠳᠤ ᠲᠤᠰᠢᠶᠠᠨ ᠥᠭᠴᠦ ᠰᠢᠢᠳᠪᠦᠷᠢᠯᠡᠭᠦᠯᠦᠨ᠎ᠡ᠃  
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ