ᠬᠤᠲᠠ ᠶᠢᠨ ᠨᠣᠮ ᠤᠨ ᠰᠠᠩ ᠤᠩᠰᠢᠭᠴᠢᠳ ᠢ ᠵᠣᠬᠢᠶᠠᠨ ᠪᠠᠶᠢᠭᠤᠯᠵᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠦᠮᠦᠵᠢᠯ ᠤᠨ ᠺᠢᠨᠣ᠋ ᠰᠤᠨᠢᠷᠬᠠᠪᠠ
ᠨᠡᠶᠢᠲᠡᠯᠡᠭᠰᠡᠨ ᠴᠠᠭ᠄
2023/9/13
      9 ᠰᠠᠷ᠎ᠠ ᠳᠤ ︽ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠠᠷ᠎ᠠ︾ ᠬᠦᠷᠴᠦ ᠢᠷᠡᠬᠦ ᠲᠠᠰᠢᠷᠠᠮ ᠳᠤ᠂ ᠥᠷᠭᠡᠨ ᠤᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠ ᠰᠠᠨᠠᠭᠠᠰᠢᠷᠠᠨ ᠵᠣᠪᠠᠨᠢᠬᠤ ᠤᠬᠠᠮᠰᠠᠷ ᠢ ᠨᠢ ᠴᠢᠩᠭᠠᠷᠠᠭᠤᠯᠬᠤ ᠶᠢᠨ ᠲᠥᠯᠥᠭᠡ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠳᠤᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠶᠢᠨ ᠲᠥᠯᠥᠭᠡ᠂  ᠵᠠᠯᠠᠨ ᠠᠶᠢᠯ ᠬᠤᠳᠠ ᠶᠢᠨ ᠨᠣᠮ ᠤᠨ ᠰᠠᠩ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠲᠠᠪᠴᠠᠩ ᠢ ᠠᠰᠢᠭᠯᠠᠨ ᠬᠤᠪᠢᠰᠬᠠᠯᠲᠤ ᠺᠢᠨᠣ᠋ ᠲᠢᠶᠠᠲᠷ ᠤᠨ ᠤᠩᠰᠢᠭᠴᠢᠳ ᠢ ᠵᠣᠬᠢᠶᠠᠨ ᠪᠠᠶᠢᠭᠤᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠲᠦᠷᠦᠯ ᠤᠨ ᠺᠢᠨᠣ᠋ ᠶᠢ  ᠰᠤᠨᠢᠷᠬᠠᠪᠠ᠃      ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠮᠡᠳᠡᠯᠭᠡ ᠶᠢ ᠲᠦᠭᠡᠮᠡᠯᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ  ᠶᠢᠨ ᠨᠡᠶᠢᠲᠡ ᠶᠢᠨ ᠠᠰᠠᠷᠠᠮᠵᠢ ᠶᠢᠨ ᠺᠢᠨᠣ᠋ ᠭᠠᠷᠭᠠᠬᠤ ᠭᠤᠣᠯ ᠰᠡᠳᠦᠪᠲᠦ ᠠᠵᠢᠯᠯᠠᠭ᠎ᠠ ᠳᠤ᠂ ᠬᠤᠪᠢᠰᠬᠠᠯᠲᠤ ᠺᠢᠨᠣ᠋ ᠦᠵᠡᠬᠦ ᠪᠠᠷ ᠳᠠᠮᠵᠢᠭᠤᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠤᠷᠢᠶ᠎ᠠ ᠶᠢ ᠤᠬᠠᠭᠤᠯᠵᠤ᠂ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠤᠷᠢᠶ᠎ᠠ︾ ᠪᠠᠷ ᠳᠠᠮᠵᠢᠭᠤᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠲᠤᠬᠠᠶ ᠨᠢᠭᠡᠨ ᠭᠦᠨᠵᠡᠭᠡᠶ ᠲᠠᠨᠢᠯᠲᠠ ᠲᠠᠢ ᠪᠤᠯᠵᠤ᠂ ᠲᠡᠳᠡᠨ ᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠨᠢ ᠬᠥᠮᠦᠵᠢᠭᠦᠯᠦᠨ ᠬᠥᠭᠵᠢᠭᠡᠵᠦ᠂ ᠬᠤᠪᠢᠰᠬᠠᠯᠲᠤ ᠴᠢᠰᠤᠨ ᠰᠤᠳᠠᠰᠤ ᠶᠢ ᠭᠦᠨ ᠬᠠᠭᠠᠯᠪᠤᠷᠢᠯᠠᠭᠰᠠᠨ ᠪᠠᠶᠢᠨ᠎ᠠ᠃      ᠬᠤᠲᠠ ᠶᠢᠨ ᠨᠣᠮ ᠤᠨ ᠰᠠᠩ ᠥᠪᠡᠷ ᠤᠨ ᠡᠭᠦᠷᠭᠡ ᠪᠠᠨ ᠴᠠᠭ ᠢᠮᠠᠭᠲᠠ ᠮᠠᠷᠲᠠᠯ ᠦᠭᠡᠶ ᠪᠠᠷᠢᠮᠲᠠᠯᠠᠵᠤ᠂ ᠵᠢᠭᠰᠠᠭᠠᠯ ᠤᠨ ᠭᠠᠵᠠᠷ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠬᠤᠪᠢᠰᠬᠠᠯ ᠤᠨ ᠭᠧᠨ ᠢ ᠤᠯᠠᠮᠵᠢᠯᠠᠨ ᠵᠠᠯᠭᠠᠮᠵᠢᠯᠠᠵᠤ᠂ ᠬᠤᠪᠢᠰᠬᠠᠯ ᠤᠨ ᠰᠤᠳᠠᠰᠤ ᠶᠢ ᠦᠷᠭᠦᠯᠵᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠠ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠺᠢᠨᠣ᠋ ᠰᠣᠨᠢᠷᠬᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠥᠷᠨᠢᠯᠲᠡ ᠶᠢ ᠠᠬᠢᠭᠤᠯᠵᠤ᠂ ᠰᠣᠶᠣᠯ ᠤᠨ ᠰᠢᠰᠲ᠋ᠧᠮ ᠤᠨ ᠬᠢᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠥᠷᠨᠢᠭᠦᠯᠬᠦ ᠳᠤ ᠰᠢᠨ᠎ᠡ ᠠᠷᠭ᠎ᠠ ᠵᠠᠮ ᠢ ᠡᠷᠢᠯᠬᠢᠯᠡᠭᠰᠡᠨ ᠪᠠᠶᠢᠨ᠎ᠠ᠃ 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ