ᠨᠠᠷᠢᠯᠢᠭ ᠣᠨᠣᠴᠠᠲᠠᠶ ᠪᠠᠷ ᠰᠠᠬᠢᠯᠭ᠎ᠠ ᠪᠠᠲᠤ ᠶᠢ ᠬᠡᠷᠡᠭᠵᠢᠭᠦᠯᠵᠦ ᠬᠢᠨᠠᠯᠲᠠ ᠲᠠᠯᠪᠢᠵᠤ ︽ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠢᠯᠡ ᠪᠠᠶᠢᠯᠭᠠᠬᠤ︾ — ᠵᠧᠩ ᠶᠠᠩ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠶᠢᠨ ᠠᠵᠢᠯ ᠤᠨ ᠬᠤᠷᠢᠶ᠎ᠠ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠨ ᠭᠦᠢᠴᠡᠳᠭᠡᠬᠦ ᠠᠵᠢᠯ ᠳᠤ ᠬᠢᠨᠠᠯᠲᠠ ᠲᠠᠯᠪᠢᠵᠤ ᠪᠣᠶ
ᠨᠡᠶᠢᠲᠡᠯᠡᠭᠰᠡᠨ ᠴᠠᠭ᠄
2023/9/13
      ᠤᠯᠤᠰ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠬᠠᠮᠢᠶᠠᠷᠤᠯᠲᠠ ᠳᠤᠮᠳᠠᠬᠢ ᠨᠣᠶᠠᠨᠴᠢ ᠰᠤᠷᠲᠠᠯ᠂ ᠬᠡᠯᠪᠡᠷᠢ ᠶᠢᠨ ᠦᠵᠡᠯ᠂ ᠲᠥᠷᠥᠯ ᠰᠠᠳᠤᠨ ᠨᠠᠶᠢᠵᠠ ᠨᠥᠬᠦᠳ ᠢᠶᠠᠨ ᠬᠠᠷᠠᠭᠠᠯᠵᠠᠬᠤ ᠵᠡᠷᠭᠡ ᠠᠰᠠᠭᠤᠳᠠᠯ ᠭᠠᠷᠬᠤ ᠶᠢ ᠴᠢᠩᠭ᠎ᠠ ᠰᠡᠷᠭᠡᠶᠢᠯᠡᠵᠦ᠂ ᠠᠮᠢᠳᠤᠷᠠᠯ ᠨᠢ ᠬᠦᠴᠢᠷᠲᠡᠶ ᠣᠯᠠᠨ ᠲᠦᠮᠡᠨ ᠢ ᠬᠠᠪᠰᠤᠷᠤᠨ ᠲᠡᠳᠬᠦᠬᠦ ᠠᠵᠢᠯ ᠢ ᠦᠨᠡᠨᠬᠦ ᠰᠠᠶᠢᠲᠤᠷ ᠬᠢᠵᠦ᠂ ᠣᠶᠢᠷ᠎ᠠ ᠶᠢᠨ ᠬᠤᠭᠤᠴᠠᠭᠠᠨ ᠳᠤ ᠵᠧᠩ ᠶᠠᠩ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠶᠢᠨ ᠠᠵᠢᠯ ᠤᠨ ᠬᠤᠷᠢᠶ᠎ᠠ ᠬᠠᠷᠢᠶ᠎ᠠ ᠣᠷᠣᠨ ᠤ ᠪᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠭᠤᠶᠤᠴᠢᠯᠠᠯ ᠳᠤ ᠬᠢᠨᠠᠯᠲᠠ ᠲᠠᠯᠪᠢᠵᠤ᠂ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠶᠢᠨ ᠠᠵᠢᠯ ᠤᠨ ᠬᠤᠷᠢᠶᠠᠨ ᠤ ᠱᠦᠵᠢ ᠨᠢᠦ ᠸᠤᠨ ᠸᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠡᠷᠦᠬᠡ ᠶᠢᠨ ᠭᠡᠷ ᠲᠤ ᠭᠦᠨᠵᠡᠭᠡᠶᠢᠷᠡᠨ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠡᠷᠦᠬᠡ ᠶᠢᠨ ᠪᠣᠳᠠᠲᠠᠶ ᠪᠠᠶᠢᠳᠠᠯ ᠢ ᠨᠠᠷᠢᠨ ᠣᠶᠢᠯᠠᠭᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠭᠤᠶᠤᠴᠢᠯᠠᠯ ᠤᠨ ᠶᠠᠪᠤᠴᠠ ᠵᠢᠴᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠪᠠ᠃         ᠵᠧᠩ ᠶᠠᠩ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠶᠢᠨ ᠠᠵᠢᠯ ᠤᠨ ᠬᠤᠷᠢᠶ᠎ᠠ ᠰᠤᠷᠪᠤᠯᠵᠢᠯᠠᠨ ᠪᠠᠶᠢᠴᠠᠭᠠᠬᠤ ᠶᠠᠪᠤᠴᠠ ᠳᠠᠭᠠᠨ᠂ ︽ᠦᠵᠡᠵᠦ ᠰᠣᠨᠣᠰᠬᠤ ᠠᠰᠠᠭᠤᠬᠤ︾ ᠳᠥᠷᠪᠡᠨ ᠲᠠᠯ᠎ᠠ ᠶᠢ ᠬᠢᠨᠠᠮᠠᠭᠠᠶ ᠪᠡᠶᠡᠯᠡᠭᠦᠯᠵᠡᠶ᠄ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠭᠡᠷ ᠪᠦᠯᠢ ᠶᠢᠨ ᠪᠣᠳᠠᠲᠠᠶ ᠠᠮᠢᠳᠤᠷᠠᠯ ᠤᠨ ᠪᠠᠶᠢᠳᠠᠯ ᠢ ᠦᠵᠡᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠬᠥᠮᠦᠰ ᠤᠨ ᠥᠪᠡᠷ ᠤᠨ ᠠᠵᠤ ᠠᠬᠤᠶ ᠶᠢᠨ ᠢᠷᠡᠯᠲᠡ ᠶᠢᠨ ᠪᠠᠶᠢᠳᠠᠯ ᠢ ᠲᠠᠨᠢᠯᠴᠠᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠬᠥᠮᠦᠰ ᠤᠨ ᠣᠷᠣᠯᠭ᠎ᠠ ᠶᠢᠨ ᠢᠷᠡᠯᠲᠡ᠂ ᠪᠡᠶ᠎ᠡ ᠶᠢᠨ ᠪᠠᠶᠢᠳᠠᠯ᠂ ᠦᠷ᠎ᠡ ᠬᠡᠦᠬᠡᠳ ᠤᠨ ᠪᠠᠶᠢᠳᠠᠯ᠂ ᠣᠷᠣᠨ ᠰᠠᠭᠤᠴᠠ ᠵᠡᠷᠭᠡ ᠪᠠᠶᠢᠳᠠᠯ ᠢ ᠪᠠᠶᠢᠴᠠᠭᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠭᠡᠷ ᠪᠦᠯᠢ ᠶᠢᠨ ᠡᠷᠭᠢᠨ ᠲᠣᠭᠤᠷᠢᠨ ᠤ ᠬᠥᠷᠰᠢ ᠵᠡᠷᠭᠡᠯᠡᠳᠡᠭᠡ ᠶᠢᠨ ᠠᠮᠢᠳᠤᠷᠠᠯ ᠤᠨ ᠪᠠᠶᠢᠳᠠᠯ ᠵᠡᠷᠭᠡ ᠶᠢ ᠠᠰᠠᠭᠤᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠢ  ᠬᠠᠩᠭᠠᠨ᠎ᠠ᠃      ᠲᠠᠷᠠᠭᠠᠴᠢ ᠶᠢᠨ ᠠᠯᠬᠤᠮ ᠳᠤ᠂ ᠵᠧᠩ ᠶᠠᠩ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠶᠢᠨ ᠠᠵᠢᠯ ᠤᠨ ᠵᠥᠪᠯᠡᠯ ᠨᠢ ᠦᠷᠭᠦᠯᠵᠢᠯᠡᠨ ᠴᠢᠩᠭ᠎ᠠ ᠰᠠᠬᠢᠯᠭ᠎ᠠ ᠪᠠᠲᠤ ᠪᠠ ᠰᠢᠯᠭᠠᠷᠠᠭᠰᠠᠨ ᠰᠤᠷᠲᠠᠯ ᠢᠶᠠᠷ ᠪᠠᠲᠤᠯᠠᠭ᠎ᠠ ᠪᠣᠯᠭᠠᠵᠤ᠂ ᠵᠢᠷᠤᠮᠵᠢᠭᠰᠠᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠᠷ ᠠᠷᠭ᠎ᠠ ᠪᠠᠷᠢᠯ ᠪᠣᠯᠭᠠᠨ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠢ ᠨᠠᠩ ᠢᠯᠡ ᠲᠣᠳᠣ ᠪᠥᠭᠡᠳ ᠣᠨᠣᠪᠴᠢᠲᠠᠶ ᠪᠣᠯᠭᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ ᠶᠢ ᠨᠡᠶᠢᠭᠡᠮ ᠲᠣᠭᠤᠷᠢᠭ ᠤᠨ ᠬᠠᠮᠤᠭ ᠤᠨ ᠬᠦᠴᠢᠷᠳᠡᠯᠲᠡᠶ ᠰᠠᠭᠤᠭᠠᠯᠢ ᠠᠷᠠᠳ ᠲᠤ ᠦᠨᠡᠨ ᠬᠦ ᠲᠠᠷᠬᠠᠭᠠᠵᠤ᠂ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠯᠲᠠ ᠪᠠᠷ ︽ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠢᠯᠡ ᠲᠣᠳᠣ︾ ᠪᠠᠲᠤᠯᠠᠭ᠎ᠠ ᠪᠣᠯᠭᠠᠬᠤ ᠶᠢ ᠦᠨᠡᠨ ᠬᠦ ᠪᠡᠶᠡᠯᠡᠭᠦᠯᠦᠨ᠎ᠡ᠃ 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ