ᠰᠢᠩ ᠬᠤᠸᠠ ᠵᠡᠭᠡᠯᠢ ᠭᠤᠳᠤᠮᠵᠢ ᠬᠠᠮᠲᠤ ᠪᠠᠷ ᠰᠠᠭᠤᠵᠤ ᠬᠠᠮᠲᠤ ᠪᠠᠷ ᠪᠠᠶᠢᠭᠤᠯᠵᠤ ᠵᠢᠵᠢᠭ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠪᠡᠷᠯᠡᠵᠦ ᠠᠷᠠᠳ ᠤᠨ ᠰᠡᠳᠬᠢᠯ ᠢ ᠳᠤᠯᠠᠭᠠᠴᠠᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/13
      ᠬᠤᠲᠠ ᠶᠢᠨ ᠨᠠᠷᠢᠯᠢᠬᠵᠢᠭᠤᠯᠬᠤ ᠪᠥᠲᠥᠭᠡᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠶ ᠰᠠᠶᠢᠲᠤᠷ ᠬᠢᠵᠦ᠂ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 1      ᠤ ᠡᠳᠦᠷ᠂ ᠰᠢᠩ ᠬᠤᠸᠠ ᠵᠡᠭᠡᠯᠢ ᠭᠤᠳᠤᠮᠵᠢ ᠶᠢᠨ ᠶᠢᠩ ᠴᠦᠨ ᠬᠤᠷᠢᠶ᠎ᠠ ᠶᠢᠨ ᠬᠤᠲᠠ ᠶᠢᠨ ᠰᠢᠭᠦᠬᠦ ᠬᠤᠷᠢᠶ᠎ᠠ ᠶᠢᠨ ᠬᠠᠮᠲᠤᠷᠠᠨ ᠬᠤᠲᠠ ᠶᠢᠨ ᠰᠢᠭᠦᠬᠦ ᠬᠤᠷᠢᠶ᠎ᠠ ᠶᠢᠨ ᠬᠤᠭ ᠨᠣᠪᠰᠢ ᠶᠢ ᠴᠡᠪᠡᠷᠯᠡᠬᠦ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠳᠣᠲᠣᠷᠠᠬᠢ ︽ᠪᠤᠵᠠᠷ᠂ ᠰᠠᠮᠠᠭᠤᠨ᠂ ᠠᠨᠠᠶ︾ ᠵᠡᠷᠭᠡ ᠡᠷᠡᠭᠦᠯ ᠬᠠᠮᠠᠭᠠᠯᠠᠯ ᠤᠨ ᠥᠯᠥ ᠣᠨᠣᠭᠳᠠᠬᠤ ᠭᠠᠵᠠᠷ ᠢ ᠲᠥᠪᠯᠡᠷᠡᠭᠦᠯᠦᠨ ᠴᠡᠭᠴᠡᠯᠡᠨ ᠵᠠᠰᠠᠪᠠ᠃ ᠰᠡᠳᠬᠢᠯ ᠲᠠᠯᠪᠢᠵᠤ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠴᠢᠷᠮᠠᠶᠢᠵᠤ ᠪᠠᠶᠢᠭᠠᠳ ᠰᠠᠭᠤᠭᠠᠯᠢ ᠠᠷᠠᠳ ᠲᠦᠮᠡᠨ ᠳᠤ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ  ᠰᠢᠢᠳᠪᠦᠷᠢᠯᠡᠵᠤ ᠥᠭᠬᠦ ᠬᠡᠷᠡᠭᠲᠡᠶ᠃      ᠠᠵᠢᠯᠯᠠᠭ᠎ᠠ ᠶᠢᠨ ᠳᠤᠮᠳᠠ ᠰᠠᠶᠢᠨ ᠳᠤᠷ᠎ᠠ ᠶᠢᠨ ᠦᠢᠯᠡᠴᠢᠯᠡᠭᠴᠢᠳ ᠠᠳᠠᠯ ᠠᠬᠤᠶ ᠶᠢᠨ ᠭᠠᠵᠠᠷ ᠦᠭᠡᠶ ᠰᠤᠳᠤᠯᠬᠤ ᠭᠠᠵᠠᠷ᠂ ᠲᠡᠮᠦᠷ ᠵᠠᠮ ᠤᠨ 2 ᠳ᠋ᠤᠭᠠᠷ ᠠᠰᠠᠷ᠂ ᠰᠠᠨ ᠵᠢᠶᠠᠨ ᠵᠡᠷᠭᠡ ᠵᠢᠵᠢᠭ ᠲᠣᠭᠤᠷᠢᠭ ᠲᠤ ᠬᠦᠷᠴᠦ᠂ ᠴᠡᠪᠡᠷᠯᠡᠬᠦ ᠠᠵᠢᠯᠯᠠᠭ᠎ᠠ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠰᠠᠭᠤᠭᠠᠯᠢ ᠠᠷᠠᠳ ᠤᠨ ᠲᠣᠭᠤᠷᠢᠭ ᠤᠨ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠤᠯᠠᠨ ᠢᠶᠠᠷ ᠢᠶᠠᠨ ᠭᠬᠢᠷ ᠠᠴᠠ ᠠᠶᠤᠬᠤ ᠦᠭᠡᠢ᠂ ᠬᠦᠴᠢᠷ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠣᠬᠤᠷ ᠪᠠᠯᠠᠢ ᠴᠡᠭ᠂ ᠬᠦᠷᠵᠡ ᠬᠦᠷᠵᠡ ᠬᠤᠰᠤᠭᠤᠷ ᠢ ᠴᠤ ᠲᠠᠯᠪᠢᠬᠤ ᠦᠭᠡᠢ ᠪᠠᠷ ᠣᠪᠣᠭᠠᠯᠠᠨ ᠲᠠᠯᠪᠢᠭᠰᠠᠨ ᠲᠣᠭᠤᠰᠬ᠎ᠠ᠂ ᠬᠠᠭᠠᠷᠬᠠᠢ ᠰᠢᠯ᠂ ᠬᠠᠶᠠᠭᠳᠠᠮᠠᠯ ᠮᠣᠳᠣᠨ ᠬᠠᠪᠲᠠᠰᠤ ᠵᠡᠷᠭᠡ ᠶᠢ ᠴᠡᠪᠡᠷᠯᠡᠨ ᠶᠠᠪᠤᠭᠤᠯᠵᠤ᠂ ᠭᠠᠵᠠᠷ ᠪᠣᠯᠭᠠᠨ ᠳᠤ ᠪᠤᠲᠠᠷᠠᠨ ᠪᠤᠲᠠᠷᠠᠭᠰᠠᠨ ᠴᠠᠭᠠᠨ ᠥᠩᠭᠡᠲᠦ ᠬᠤᠭ ᠨᠣᠪᠰᠢ᠂ ᠪᠤᠵᠠᠷ ᠡᠪᠡᠰᠦ᠂ ᠬᠠᠶᠠᠭᠳᠠᠮᠠᠯ ᠬᠠᠭᠤᠴᠢᠨ ᠡᠳ᠋ ᠵᠡᠷᠭᠡ ᠬᠤᠭ ᠨᠣᠪᠰᠢ ᠪᠣᠯᠤᠨ ᠬᠤᠷᠠᠮᠳᠤᠭᠰᠠᠨ ᠬᠤᠭ ᠨᠣᠪᠰᠢ ᠶᠢ ᠪᠠᠶᠢᠳᠠᠯ ᠢ ᠨᠢ ᠢᠯᠭᠠᠨ ᠰᠢᠢᠳᠪᠦᠷᠢᠯᠡᠵᠦ᠂ ᠴᠡᠪᠡᠷᠯᠡᠭᠰᠡᠨ ᠤ ᠳᠠᠷᠠᠭ᠎ᠠ ᠰᠠᠭᠤᠭᠠᠯᠢ ᠠᠷᠠᠳ ᠤᠨ ᠳᠤᠭᠤᠢ ᠲᠡᠷᠭᠡ ᠶᠢ ᠤᠤᠯ ᠤᠨ ᠪᠠᠶᠢᠷᠢᠨ ᠳᠤᠨᠢ ᠲᠠᠯᠪᠢᠵᠠᠢ᠃ ᠤᠯᠠᠨ ᠤ ᠬᠥᠳᠡᠯᠮᠦᠷᠢ ᠶᠢᠨ ᠦᠷ᠎ᠡ ᠪᠦᠲᠦᠭᠡᠯ ᠨᠢ ᠰᠠᠭᠤᠭᠠᠯᠢ ᠠᠷᠠᠳ ᠤᠯᠠᠨ ᠤ ᠰᠠᠨᠠᠯ ᠨᠢᠭᠡᠲᠡᠶ ᠨᠤᠲᠠᠯᠠᠯᠲᠠ ᠪᠠ ᠮᠠᠭᠲᠠᠭᠠᠯ ᠢ ᠣᠯᠤᠭᠰᠠᠨ ᠪᠥᠭᠡᠳ ᠤᠢᠢᠷ᠎ᠠ ᠬᠠᠪᠢ ᠶᠢᠨ ᠰᠠᠭᠤᠭᠠᠯᠢ ᠠᠷᠠᠳ ᠤᠨ ᠠᠶᠠᠨᠳᠠᠭᠠᠨ ᠪᠤᠢ ᠪᠣᠯᠬᠤ ᠴᠢᠨᠠᠷ ᠢ ᠬᠥᠳᠡᠯᠮᠦᠷᠢ ᠳᠤ ᠲᠠᠲᠠᠵᠤ ᠣᠷᠣᠭᠤᠯᠤᠭᠰᠠᠨ ᠪᠠᠶᠢᠨ᠎ᠠ᠃       ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠰᠠᠨᠠᠭ᠎ᠠ ᠵᠣᠪᠠᠭ᠋ᠤ ᠶᠠᠪᠤᠳᠠᠯ᠂ ᠰᠠᠨᠠᠭ᠎ᠠ ᠵᠣᠪᠠᠭ᠋ᠤ ᠶᠠᠪᠤᠳᠠᠯ᠂ ᠰᠠᠨᠠᠭ᠎ᠠ ᠵᠣᠪᠠᠭ᠋ᠤ ᠶᠠᠪᠤᠳᠠᠯ ᠢ ᠪᠦᠲᠦᠮᠵᠢᠲᠡᠶ ᠪᠠᠷ ᠰᠢᠶ᠋ᠳᠪᠦᠷᠢᠯᠡᠵᠦ᠂ ᠣᠷᠣᠨ ᠰᠠᠭᠤᠴᠠ ᠶᠢᠨ ᠴᠡᠪᠡᠷ ᠲᠡᠭᠰᠢ ᠣᠷᠴᠢᠨ ᠨᠥᠬᠦᠴᠡᠯ ᠢ ᠦᠨᠡᠨ ᠬᠦ ᠪᠣᠶ ᠪᠣᠯᠭᠠᠵᠤ᠂ ᠦᠶ᠋ᠯᠡᠴᠢᠯᠡᠭᠡ ᠶᠢ ᠣᠯᠠᠨ ᠲᠦᠮᠡᠨ ᠤ ᠳᠤᠮᠳᠠ ᠨᠠᠩ ᠭᠦᠨᠵᠡᠭᠡᠶ᠂ ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠭᠤᠯᠵᠠᠶ᠃      ᠠᠮᠤᠷ ᠠᠮᠤᠭᠤᠯᠠᠩ ᠤᠨ ᠦᠨᠳᠦᠰᠦᠨ ᠱᠠᠲᠤᠨ ᠤ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠣᠯᠠᠨ ᠲᠦᠮᠡᠨ ᠤ ᠠᠮᠤᠷ ᠠᠮᠤᠭᠤᠯᠠᠩ ᠢ ᠡᠭᠦᠳᠦᠨ ᠪᠠᠶᠢᠭᠤᠯᠬᠤ ᠠᠵᠢᠯ ᠤᠨ ᠲᠤᠬᠠᠶ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠠᠮᠤᠷ ᠠᠮᠤᠭᠤᠯᠠᠩ ᠢ ᠡᠭᠦᠳᠦᠨ ᠪᠠᠶᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 9 ᠰᠠᠷ᠎ᠠ ᠶᠢᠨ 1      ᠤ ᠡᠳᠦᠷ᠂ ᠵᠧᠩ ᠶᠠᠩ ᠵᠡᠭᠡᠯᠢ ᠭᠤᠳᠤᠮᠵᠢ ᠶᠢᠨ ᠶᠦᠩ ᠠᠨ ᠨᠡᠶᠢᠭᠡᠮ ᠲᠣᠭᠤᠷᠢᠭ ᠲᠤ ︽ᠵᠢᠷᠭᠤᠭ᠎ᠠ ᠥᠬᠡᠶ︾ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠪᠡ᠃      ᠪᠥᠬᠦ ᠤᠯᠤᠰ ᠤᠨ ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠡᠷᠦᠬᠡ ᠳᠤ ᠬᠦᠷᠴᠦ ᠢᠯᠭᠠᠷᠠᠭᠤᠯᠤᠨ ᠪᠠᠶᠢᠴᠠᠭᠠᠬᠤ ᠱᠠᠲᠤᠨ ᠳᠤ ᠪᠠᠶᠢᠭ᠎ᠠ ᠪᠣᠯᠬᠤᠷ ᠨᠡᠶᠢᠳᠡᠮ ᠪᠠᠶᠢᠴᠠᠭᠠᠭᠴᠢ ᠪᠠᠶᠢᠳᠠᠯ ᠢ ᠣᠶᠢᠯᠠᠭᠠᠵᠤ ᠢᠯᠭᠠᠷᠠᠭᠤᠯᠤᠨ ᠪᠠᠶᠢᠴᠠᠭᠠᠬᠤ ᠶᠢᠨ ᠵᠡᠷᠭᠡ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠠᠮᠤᠷ ᠲᠦᠪᠰᠢᠨ ᠢᠶᠠᠷ ᠡᠭᠦᠳᠦᠨ ᠪᠠᠶᠢᠭᠤᠯᠬᠤ᠂ ᠭᠠᠵᠢᠭᠤ ᠨᠣᠮᠯᠠᠯ ᠢ ᠡᠰᠡᠷᠭᠦᠴᠡᠬᠦ᠂ ᠬᠤᠤᠷᠲᠤ ᠡᠳ᠋ ᠢ ᠡᠰᠡᠷᠭᠦᠴᠡᠬᠦ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠬᠢᠬᠦ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠵᠡᠷᠭᠡ ᠬᠤᠯᠪᠣᠭᠳᠠᠯ ᠪᠥᠬᠦᠶ ᠮᠡᠳᠡᠯᠭᠡ ᠶᠢ ᠨᠢᠭᠤᠷᠲᠠᠨ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠬᠦ ᠶᠢ ᠰᠠᠨᠠᠭᠤᠯᠵᠤ᠂ ᠠᠮᠤᠷ ᠲᠠᠶᠢᠪᠤᠩ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠶᠢᠨ ᠠᠴᠢ ᠬᠤᠯᠪᠣᠭᠳᠠᠯ ᠢ ᠶᠡᠭᠡ ᠪᠠᠷ ᠤᠬᠠᠭᠤᠯᠵᠤ ᠪᠠᠶᠢᠨ᠎ᠠ᠃ ᠬᠥᠮᠦᠨ ᠪᠦᠬᠦᠨ ᠳᠤ ᠮᠡᠳᠡᠭᠦᠯᠬᠦ ᠶᠢ ᠪᠡᠶᠡᠯᠡᠭᠦᠯᠵᠦ᠂ ᠢᠳᠡᠪᠬᠢᠲᠡᠶ ᠪᠠᠷ ᠥᠭᠡᠳᠡᠯᠡᠨ ᠳᠠᠪᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃      ᠲᠠᠷᠠᠭᠠᠴᠢ ᠶᠢᠨ ᠠᠯᠬᠤᠮ ᠳᠤ᠂ ᠶᠦᠩ ᠠᠨ ᠨᠡᠶᠢᠭᠡᠮ ᠲᠣᠭᠤᠷᠢᠭ ᠤᠨ ᠬᠢᠨ ︽ᠵᠢᠷᠭᠤᠭ᠎ᠠ ᠥᠬᠡᠶ︾ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠬᠠᠷᠠᠯᠲᠠ ᠪᠠᠨ ᠣᠨᠢᠯᠠᠵᠤ᠂ ᠦᠨᠡᠨ ᠰᠡᠳᠬᠢᠯ ᠠᠴᠠ ᠪᠠᠨ ᠬᠦᠴᠦ ᠣᠷᠣᠭᠤᠯᠵᠤ᠂ ᠡᠩᠨᠡᠭᠡᠨ ᠤ ᠪᠠᠶᠢᠭᠤᠯᠤᠯᠲᠠ ᠶᠢ ᠠᠬᠢᠭᠤᠯᠤᠨ᠂ ᠬᠠᠷᠢᠭᠤᠴᠠᠯᠭ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠲᠣᠭᠲᠠᠴᠠ ᠶᠢᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠂ ᠴᠤᠬᠤᠶᠢᠯᠲᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠶᠢ ᠪᠡᠶᠡᠯᠡᠭᠦᠯᠵᠦ᠂ ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠯᠲᠠ ᠰᠡᠷᠭᠡᠶᠢᠯᠡᠯᠲᠡ ᠡᠵᠡᠮᠳᠡᠯ ᠢ ᠪᠠᠬᠢᠵᠢᠭᠦᠯᠵᠦ᠂ ︽ᠵᠢᠷᠭᠤᠭ᠎ᠠ ᠥᠬᠡᠶ︾ ᠨᠡᠶᠢᠭᠡᠮ ᠲᠣᠭᠤᠷᠢᠭ ᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ