ᠰᠢᠶᠠᠩᠭᠠᠩ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠠᠯᠠᠨ ᠠᠶᠢᠯ ᠬᠤᠳᠠ ᠳᠤ ᠭᠦᠨᠵᠡᠭᠡᠶᠢᠷᠡᠨ ᠤᠶᠠᠨ ᠬᠠᠳᠠᠨ ᠴᠢᠨᠠᠷᠲᠠᠢ ᠨᠡᠶᠢᠭᠡᠮ ᠲᠣᠭᠤᠷᠢᠭ ᠤᠨ ᠲᠦᠷᠦᠯ ᠵᠦᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2023/9/14
      ᠲᠦᠷᠦᠭᠦᠬᠡᠨ᠂ ᠰᠢᠶᠠᠩᠭᠠᠩ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ‌‍ᠤᠨ ᠤᠶᠠᠨ ᠬᠠᠲᠠᠨ ᠴᠢᠨᠠᠷᠲᠠᠶ ᠨᠡᠶᠢᠭᠡᠮ ᠲᠣᠭᠤᠷᠢᠭ ᠤᠨ ᠲᠥᠷᠥᠯ ᠵᠤᠶᠢᠯ ᠤᠨ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤ ᠵᠠᠯᠠᠨ ᠠᠶᠢᠯ ᠬᠤᠲᠠ ᠳᠤ ᠭᠦᠨᠵᠡᠭᠡᠶᠢᠷᠡᠨ ᠲᠤᠬᠠᠶ ᠶᠢᠨ ᠭᠠᠵᠠᠷ  ᠳ᠋ᠦ ᠠᠵᠢᠯ ᠥᠷᠨᠢᠭᠦᠯᠬᠦ  ᠶᠢᠨ  ᠳᠠᠭᠠᠦ  ᠰᠠᠭᠤᠳᠠᠯ ᠬᠤᠷᠠᠯ ᠬᠤᠷᠠᠯᠳᠤᠭᠤᠯᠵᠤ ᠂ ᠵᠠᠯᠠᠨ‌ᠠᠶᠢᠯ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠰᠢᠶᠤᠤ  ᠾᠦᠢ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠵᠠᠯᠠᠨ ᠠᠶᠢᠯ ᠬᠤᠳᠠ ᠶᠢᠨ ᠨᠠᠨ ᠮᠦ  ᠣᠷᠴᠣᠨ ᠦᠨᠳᠦᠰᠦᠲᠡᠨ ᠤ ᠰᠢᠶᠠᠩ᠂  ᠸᠸ ᠨᠢᠦ ᠾᠧ ᠪᠠᠯᠭᠠᠰᠤ ᠶᠢᠨ ᠺᠣᠤ ᠱᠠᠨ ᠲᠣᠰᠬᠤᠨ᠂ ᠹᠦ᠋   ᠢᠥᠢ ᠲᠣᠰᠬᠤᠨ ᠳᠤ ᠭᠦᠨᠵᠡᠭᠡᠶᠢᠷᠡᠨ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠭᠤᠷ ᠠᠮᠢᠰᠬᠤᠯ ᠤᠨ ᠬᠤᠪᠢᠷᠠᠯᠲᠠ ᠠᠴᠠ ᠪᠤᠯᠵᠤ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠨᠥᠯᠥᠭᠡᠯᠡᠭᠰᠡᠨ ᠪᠠᠶᠢᠳᠠᠯ ᠪᠣᠯᠤᠨ ᠬᠡᠷᠡᠭᠴᠡᠭᠡ ᠱᠠᠭᠠᠷᠳᠠᠯᠭ᠎ᠠ ᠶᠢ ᠨᠠᠷᠢᠨ ᠣᠶᠢᠯᠠᠭᠠᠪᠠ᠃ ᠬᠤᠷᠠᠯ ᠳᠡᠭᠡᠷ᠎ᠡ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠰᠢᠶᠠᠩᠭᠠᠩ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠦᠨᠳᠦᠰᠦᠨ ᠪᠠᠶᠢᠳᠠᠯ ᠂ ᠤᠶᠠᠨ ᠬᠠᠳᠠᠨ ᠴᠢᠨᠠᠷᠲᠠᠢ ᠨᠡᠶᠢᠭᠡᠮ ᠲᠣᠭᠤᠷᠢᠭ ᠤᠨ ᠲᠦᠷᠦᠯ ᠵᠦᠢᠯ ᠢ ᠳᠡᠮᠵᠢᠬᠦ ᠭᠤᠣᠯᠳᠠᠯᠭ᠎ᠠ ᠲᠠᠢ ᠠᠩᠬᠠᠷᠬᠤ ᠵᠦᠢᠯᠡᠰ᠂   ᠬᠤᠷᠰᠢᠬᠤ ᠵᠠᠭᠪᠤᠷ᠂ ᠲᠦᠷᠦᠯ ᠵᠦᠢᠯ ᠢ ᠬᠡᠷᠡᠭᠵᠢᠭᠦᠯᠬᠦ   ᠶᠠᠪᠤᠴᠠ ᠵᠡᠷᠭᠡ ᠠᠵᠢᠯ ᠢ ᠨᠠᠷᠢᠨ ᠲᠠᠨᠢᠯᠴᠠᠭᠤᠯᠵᠤ᠂ ᠵᠠᠯᠠᠨ ᠠᠶᠢᠯ ᠬᠤᠳᠠ ᠶᠢᠨ ᠤᠯᠠᠭᠠᠨ ᠵᠠᠭᠠᠯᠮᠠᠶᠢᠳᠠᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠵᠠᠯᠠᠨ ᠠᠶᠢᠯ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠥᠷᠨᠢᠭᠦᠯᠦᠭᠰᠡᠨ ᠠᠵᠢᠯ ᠢ ᠭᠦᠢᠴᠡᠳ ᠨᠤᠲᠠᠯᠠᠪᠠ᠃ ᠵᠠᠯᠠᠨ ᠠᠶᠢᠯ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠲᠦᠪᠰᠢᠨ ᠢᠶᠠᠨ ᠦᠨᠡᠨᠬᠦ ᠳᠡᠭᠡᠭᠰᠢᠯᠡᠭᠦᠯᠵᠦ᠂ ᠦᠷᠭᠦᠯᠵᠢᠯᠡᠨ ᠵᠣᠯᠭᠠᠭᠤᠯᠬᠤ ᠶᠢ ᠠᠬᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠠᠭᠠᠨ ᠵᠠᠭᠠᠯᠮᠠᠶᠢᠳᠠᠨ ᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠬᠠᠮᠲᠤᠪᠠᠷ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ