ᠵᠠᠯᠠᠨ ᠠᠶᠢᠯ ᠬᠤᠲᠠ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠲᠤᠰᠠᠯᠠᠮᠵᠢ · ᠲᠠᠨ ᠢ ᠬᠠᠪᠰᠤᠷᠤᠨ ᠶᠡᠭᠡ ᠰᠤᠷᠭᠠᠭᠤᠯᠢ ᠳᠤ ᠰᠤᠷᠤᠯᠴᠠᠭᠤᠯᠬᠤ︾ ᠠᠵᠢᠯᠯᠠᠭ᠎ᠠ ᠥᠷᠨᠢᠭᠦᠯᠵᠦ 1595 ᠰᠣᠷᠣᠭᠴᠢ ᠳᠤ 387 ᠵᠠᠭᠤᠨ ᠲᠦᠮᠡᠨ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠪᠠ
ᠨᠡᠶᠢᠲᠡᠯᠡᠭᠰᠡᠨ ᠴᠠᠭ᠄
2023/9/14
      2023 ᠣᠨ ᠳᠤ᠂ ᠵᠠᠯᠠᠨ ᠠᠶᠢᠯ ᠬᠤᠲᠠ 81 ᠰᠢᠨ᠎ᠡ ᠰᠣᠷᠣᠭᠴᠢ ᠳᠤ 16 ᠲᠦᠮᠡᠨ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠪᠠ᠃ ᠣᠲᠣ ᠪᠣᠯᠲᠠᠯ᠎ᠠ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠲᠤᠰᠠᠯᠠᠮᠵᠢ · ᠲᠠᠨ ᠢ ᠬᠠᠪᠰᠤᠷᠤᠨ ᠶᠡᠭᠡ ᠰᠤᠷᠭᠠᠭᠤᠯᠢ ᠳᠤ ᠰᠤᠷᠤᠯᠴᠠᠭᠤᠯᠬᠤ︾ ᠠᠵᠢᠯᠯᠠᠭ᠎ᠠ ᠥᠷᠨᠢᠭᠦᠯᠬᠦ ᠪᠠᠷ ᠳᠡᠮᠵᠢᠨ ᠨᠡᠶᠢᠲᠡ 387 ᠲᠦᠮᠡᠨ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠲᠠᠷᠬᠠᠭᠠᠵᠤ᠂ 1595 ᠶᠡᠭᠡ ᠰᠤᠷᠭᠠᠭᠤᠯᠢ ᠶᠢᠨ ᠰᠢᠨ᠎ᠡ ᠰᠣᠷᠣᠭᠴᠢ ᠶᠡᠭᠡ ᠰᠤᠷᠭᠠᠭᠤᠯᠢ ᠶᠢᠨ ᠬᠦᠷᠢᠶᠡᠨ ᠳᠤ ᠠᠯᠬᠤᠨ ᠣᠷᠣᠵᠤ᠂ ᠬᠦᠰᠡᠯ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠪᠡ᠃      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠥᠮᠥᠡᠯᠢᠭ ᠶᠣᠰᠣ᠂ ᠲᠦᠭᠡᠮᠡᠯ ᠬᠠᠶᠢᠷ᠎ᠠ᠂ ᠬᠠᠷᠠᠮ ᠥᠬᠡᠶ ᠵᠢᠳᠬᠦᠬᠦ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠶᠠᠳᠠᠭᠤ ᠬᠦᠴᠢᠷᠳᠡᠯᠲᠡᠶ ᠬᠠᠮᠲᠤᠯᠢᠭ ᠤᠨ ᠪᠣᠳᠠᠲᠠᠶ ᠬᠦᠴᠢᠷᠳᠡᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠲᠦᠷᠦᠭᠦᠬᠡᠨ᠂ ᠵᠠᠯᠠᠨ ᠠᠶᠢᠯ ᠬᠤᠲᠠ 2023 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠲᠤᠰᠠᠯᠠᠮᠵᠢ · ᠲᠠᠨ ᠢ ᠬᠠᠪᠰᠤᠷᠤᠨ ᠶᠡᠭᠡ ᠰᠤᠷᠭᠠᠭᠤᠯᠢ ᠳᠤ ᠰᠤᠷᠤᠯᠴᠠᠭᠤᠯᠬᠤ︾ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ ᠶᠣᠰᠣᠯᠠᠯ ᠶᠠᠪᠤᠭᠤᠯᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠰᠢᠶᠤᠤ ᠬᠤᠶ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠶᠢᠨ ᠰᠢᠶᠤᠤ ᠾᠦᠢ ᠤᠷᠲᠤ ᠬᠤᠭᠤᠴᠠᠭᠠᠨ ᠤ ᠲᠤᠷᠰᠢ ᠬᠠᠶᠢᠷ᠎ᠠ ᠬᠠᠯᠠᠮᠵᠢ ᠶᠢᠨ ᠵᠭᠤᠰ ᠴᠤᠭᠯᠠᠭᠤᠯᠬᠤ ᠶᠢ ᠬᠠᠯᠠᠮᠵᠢᠯᠠᠨ ᠬᠠᠮᠵᠢᠯᠠᠭᠰᠠᠭᠠᠷ ᠢᠷᠡᠭᠰᠡᠨ ᠡᠯ᠎ᠡ ᠰᠠᠯᠠᠭ᠎ᠠ ᠮᠥᠴᠢᠷ ᠨᠢᠭᠡᠴᠡ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠤᠳᠠᠯ ᠦᠭᠡᠢ ᠶᠡᠭᠡ ᠰᠤᠷᠭᠠᠭᠤᠯᠢ ᠶᠢᠨ ᠬᠦᠷᠢᠶᠡᠨ ᠳᠤ ᠣᠷᠣᠬᠤ ᠭᠡᠵᠦ ᠪᠠᠶᠢᠭ᠎ᠠ ᠰᠤᠷᠤᠭᠴᠢᠳ ᠲᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠲᠡᠷᠡ ᠲᠤᠰᠠᠯᠠᠮᠵᠢ ᠬᠦᠷᠲᠡᠭᠰᠡᠨ ᠰᠤᠷᠤᠭᠴᠢᠳ ᠤᠨ ᠬᠢᠯᠪᠡᠷ ᠪᠤᠰᠤ ᠪᠠᠷ ᠢᠷᠡᠭᠰᠡᠨ ᠰᠤᠷᠤᠯᠴᠠᠬᠤ ᠵᠠᠪᠰᠢᠶᠠᠨ ᠢᠶᠠᠨ ᠤᠯᠠᠮ ᠢᠯᠡᠭᠦᠦ ᠨᠠᠨᠳᠢᠩᠨᠠᠵᠤ᠂ ᠨᠠᠮ ᠪᠣᠯᠤᠨ ᠵᠠᠰᠠᠭ ᠤᠨ ᠣᠷᠳᠣᠨ ᠤ ᠭᠦᠨ ᠵᠤᠵᠠᠭᠠᠨ ᠬᠠᠯᠠᠮᠵᠢᠯᠠᠯ ᠢ ᠴᠢᠷᠮᠠᠶᠢᠨ ᠰᠤᠷᠤᠯᠴᠠᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠦᠬᠦ ᠲᠠᠯ᠎ᠠ ᠶᠢᠨ ᠬᠥᠭᠵᠢᠯᠲᠡ ᠳᠤ ᠵᠢᠳᠬᠦᠯ ᠴᠢᠷᠮᠠᠶᠢᠯᠭ᠎ᠠ ᠲᠠᠢ ᠵᠠᠯᠠᠭᠤᠴᠤᠳ ᠪᠣᠯᠬᠤ ᠪᠠᠷ ᠴᠢᠷᠮᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠪᠤᠰᠤᠳ ᠢ ᠲᠤᠰᠠᠯᠠᠬᠤ ᠰᠠᠶᠢᠨ ᠰᠠᠶᠢᠬᠠᠨ ᠶᠣᠰᠣ ᠮᠣᠷᠠᠯ ᠢ ᠤᠯᠠᠮᠵᠢᠯᠠᠬᠤ ᠶᠢ ᠬᠦᠰᠡᠪᠡ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ