ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠵᠡᠷᠭᠡ ᠬᠤᠲᠠ ᠶᠢᠨ ᠤᠳᠤᠷᠢᠳᠤᠯᠭ᠎ᠠ ᠨᠢᠭᠡᠳᠦᠭᠡᠷ ᠹᠷᠣᠨᠲ ᠤᠨ ᠪᠠᠭᠰᠢ ᠪᠠ ᠰᠤᠷᠭᠠᠨ ᠬᠥᠮᠦᠵᠢᠯ ᠤᠨ ᠠᠵᠢᠯᠲᠠᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2023/9/14
      39 ᠳ᠋ᠦᠭᠡᠷ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠳᠤ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠯᠢ ᠵᠢᠶᠦ᠋ᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠰᠢᠶᠤᠤ ᠾᠦᠢ ᠲᠤᠰ ᠲᠤᠰ ᠨᠢᠭᠡᠳᠦᠭᠡᠷ ᠹᠷᠣᠨᠲ ᠤᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠪᠦᠬᠦ ᠬᠤᠲᠠ ᠶᠢᠨ ᠰᠤᠷᠭᠠᠨ ᠬᠥᠮᠦᠵᠢᠯ ᠤᠨ ᠹᠷᠣᠨᠲ ᠲᠤ ᠰᠢᠷᠭᠠᠭᠤ ᠠᠵᠢᠯᠯᠠᠵᠤ ᠪᠠᠶᠢᠭ᠎ᠠ ᠥᠷᠭᠡᠨ ᠣᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠴᠢᠩ ᠰᠡᠳᠬᠢᠯ ᠤᠨ ᠢᠷᠥᠭᠡᠯ ᠳᠡᠪᠰᠢᠭᠦᠯᠵᠡᠶ᠃      9 ᠰᠠᠷ᠎ᠠ ᠶᠢᠨ 10      ᠤ ᠦᠳᠡ ᠶᠢᠨ ᠡᠮᠦᠨ᠎ᠡ᠂ ᠸᠠᠩ ᠪᠥᠸᠧ ᠰᠢᠯᠢᠳᠡᠭ ᠪᠠᠭᠰᠢ ᠴᠢ ᠯᠢ ᠪᠥᠸᠧ ᠶᠢᠨ ᠭᠡᠷ ᠲᠤ ᠢᠷᠡᠵᠦ᠂ ᠴᠢ ᠯᠢ ᠪᠥᠸᠧ ᠪᠠᠭᠰᠢ ᠶᠢᠨ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠭᠦᠨ ᠳᠤ ᠰᠣᠷᠭᠤᠭ ᠴᠡᠴᠡᠭ ᠪᠠ ᠵᠥᠩᠨᠡᠯ ᠬᠦᠷᠭᠡᠭᠰᠡᠨ ᠪᠥᠭᠡᠳ ᠲᠡᠭᠦᠨ ᠤ 28 ᠵᠢᠯ ᠤᠨ ᠲᠤᠷᠰᠢ ᠭᠤᠷᠪᠠᠨ ᠲᠤᠬᠤᠢ ᠶᠠᠷᠢᠶᠠᠨ ᠤ ᠲᠠᠪᠴᠠᠩ ᠢ ᠢᠮᠠᠭᠲᠠ ᠪᠠᠲᠤ ᠰᠠᠬᠢᠵᠤ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠰᠢᠷᠭᠠᠭᠤ ᠬᠠᠲᠠᠭᠤᠵᠢᠯᠲᠠᠢ ᠠᠵᠢᠯᠯᠠᠵᠤ ᠦᠭᠡ ᠲᠠᠭᠤᠨ ᠦᠭᠡᠢ ᠪᠠᠷ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠠᠢ︔ ᠥᠷᠭᠡᠨ ᠤᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠨᠠᠮ ᠤᠨ ᠲᠥᠯᠥᠭᠡ ᠬᠥᠮᠦᠨ ᠢ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠬᠦ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠤᠷᠤᠭᠴᠢᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ᠂ ᠰᠡᠳᠬᠢᠴᠡ ᠶᠢᠨ ᠬᠡᠪ ᠴᠢᠨᠠᠷ ᠤᠨ ᠬᠥᠮᠦᠵᠢᠯ ᠪᠣᠯᠤᠨ ᠰᠣᠶᠣᠯ ᠤᠨ ᠬᠥᠮᠦᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢᠶᠠᠷ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠪᠣᠯᠪᠠᠰᠤᠷᠠᠭᠤᠯᠵᠤ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠦᠬᠦ ᠲᠠᠯ᠎ᠠ ᠪᠠᠷ ᠬᠥᠭᠵᠢᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃     ᠣᠶᠢᠯᠠᠭᠠᠭᠰᠠᠨ ᠢᠶᠠᠷ᠂ ᠴᠢ ᠯᠢ ᠪᠥᠸᠧ ᠪᠠᠭᠰᠢ 1995 ᠣᠨ ᠳᠤ ᠶᠠᠷᠢᠶᠠᠨ ᠤ ᠲᠠᠪᠴᠠᠩ ᠳᠤ ᠭᠠᠷᠴᠤ᠂ 28 ᠵᠢᠯ ᠤᠨ ᠲᠤᠷᠰᠢ ᠵᠠᠯᠠᠨ ᠠᠶᠢᠯ ᠬᠤᠲᠠ ᠶᠢᠨ ᠳᠣᠯᠣᠳᠤᠭᠠᠷ ᠳᠤᠮᠳᠠᠳᠤ ᠰᠤᠷᠭᠠᠭᠤᠯᠢ ᠳᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠠᠵᠢᠯ ᠬᠢᠭᠰᠡᠭᠡᠷ ᠢᠷᠡᠵᠡᠶ᠂ ᠬᠡᠳᠦ᠋ᠢᠪᠡᠷ ᠨᠢᠳᠦᠨ ᠤ ᠲᠣᠣᠷᠯᠢᠭ ᠪᠦᠷᠬᠦᠪᠴᠢ ᠬᠤᠭᠵᠢᠷᠠᠬᠤ ᠡᠪᠡᠳᠴᠢᠨ ᠳᠤ ᠨᠡᠷᠪᠡᠭᠳᠡᠭᠰᠡᠨ ᠪᠣᠯᠪᠠᠴᠤ ᠲᠡᠷᠡ ᠮᠥᠨ ᠯᠡ ᠡᠪᠡᠳᠴᠢᠨ ᠲᠠᠢ ᠪᠠᠷ ᠠᠵᠢᠯᠯᠠᠵᠤ᠂ ᠵᠢᠭᠠᠨ ᠰᠤᠷᠭᠠᠯᠲᠠ ᠶᠢᠨ ᠡᠮᠦᠨ᠎ᠡ ᠹᠷᠣᠨᠲ ᠢ ᠪᠠᠲᠤ ᠰᠠᠬᠢᠵᠤ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠦᠶ᠎ᠡ ᠦᠶ᠎ᠡ ᠶᠢᠨ ᠰᠤᠷᠤᠭᠴᠢᠳ ᠤᠨ ᠠᠮᠢᠳᠤᠷᠠᠯ ᠤᠨ ᠰᠠᠬᠢᠨ ᠬᠠᠮᠠᠭᠠᠯᠠᠭᠴᠢ᠂ ᠦᠰᠦᠨ ᠪᠤᠶᠢᠵᠢᠯᠲᠠ ᠶᠢᠨ ᠳᠠᠭᠠᠭᠤᠯᠤᠭᠴᠢ ᠪᠣᠯᠤᠭᠰᠠᠨ ᠪᠠᠶᠢᠨ᠎ᠠ᠃     ᠡᠷᠬᠢᠨ ᠦᠵᠡᠵᠦ ᠲᠣᠬᠤᠨᠢᠭᠤᠯᠬᠤ ᠶᠠᠪᠤᠴᠠ ᠳᠤ᠂ ᠸᠠᠩ ᠪᠥᠸᠧ  ᠵᠢᠭᠠᠵᠦ ᠭᠠᠷᠭᠠᠭᠰᠠᠨ ᠨᠢ᠂ ᠥᠨᠢᠳᠡ ᠶᠢᠨ ᠶᠡᠭᠡ ᠪᠤᠳᠤᠯᠭ᠎ᠠ ᠶᠢ ᠪᠡᠶᠡᠯᠡᠭᠦᠯᠬᠦ ᠳᠤ ᠰᠤᠷᠭᠠᠨ ᠬᠥᠮᠦᠵᠢᠯ ᠢᠶᠠᠷ ᠦᠨᠳᠦᠰᠦ ᠪᠣᠯᠭᠠᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠭᠢᠯᠡᠵᠦ᠂ ᠪᠠᠭᠰᠢ ᠶᠢᠨ ᠬᠠᠮᠲᠤᠯᠢᠭ ᠤᠨ ᠬᠠᠯᠠᠮᠵᠢᠯᠠᠨ ᠬᠠᠶᠢᠷᠠᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠨᠡᠶᠢᠭᠡᠮ ᠳᠠᠶᠠᠭᠠᠷ ᠲᠤ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠪᠠᠭᠰᠢ ᠶᠢ ᠦᠨᠡᠨ ᠬᠦ ᠬᠥᠮᠦᠰ ᠤᠨ ᠬᠦᠨᠳᠦᠳᠬᠡᠯ ᠢ ᠣᠯᠤᠭᠰᠠᠨ᠂ ᠬᠥᠮᠦᠰ ᠤᠨ ᠪᠠᠭ᠋ᠠᠷᠬᠠᠯ ᠢ ᠲᠠᠲᠠᠭᠰᠠᠨ ᠠᠵᠢᠯ ᠮᠡᠷᠭᠡᠵᠢᠯ ᠪᠣᠯᠭᠠᠬᠤ ᠬᠡᠷᠡᠭᠲᠡᠶ᠃     ᠡᠨᠡ ᠬᠤᠭᠤᠴᠠᠭᠠᠨ ᠳᠤ᠂ ᠬᠤᠳᠠ ᠶᠢᠨ ᠤᠳᠤᠷᠢᠳᠤᠯᠭ᠎ᠠ ᠵᠠᠩ ᠯᠢ ᠵᠢᠶᠦ᠋ᠨ᠂ ᠶᠢᠨ ᠰᠢᠶᠤᠤ ᠬᠤᠢ ᠪᠠᠰᠠ ᠰᠧ ᠱᠤ ᠰᠢᠶᠠᠩ᠂ ᠬᠠᠢ ᠬᠤᠸᠠ᠂ ᠶᠠᠨ‌‍ᠸᠧᠨ ᠲᠦᠩ ᠵᠡᠷᠭᠡ ᠠᠵᠢᠯ ᠤᠨ ᠪᠠᠶᠢᠷᠢ ᠳᠤ ᠪᠠᠶᠢᠭ᠎ᠠ ᠰᠢᠯᠢᠳᠡᠭ ᠪᠠᠭᠰᠢ ᠪᠣᠯᠤᠨ ᠠᠵᠢᠯ ᠠᠴᠠ ᠪᠠᠨ ᠠᠮᠠᠷᠠᠭᠰᠠᠨ ᠠᠬᠠᠮᠠᠳ ᠪᠠᠭᠰᠢ ᠶᠢᠨ ᠭᠡᠷ ᠲᠤ ᠭᠦᠨᠵᠡᠭᠡᠶᠢᠷᠡᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠡᠢ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ