ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠡ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠶᠢᠰᠦᠳᠦᠭᠡᠷ  ᠤᠳᠠᠭᠠᠨ ᠤ  ᠬᠠᠮᠲᠤ ᠶᠢᠨ ᠰᠤᠷᠤᠯᠴᠠᠯᠭ᠎ᠠ ᠵᠢᠴᠢ ᠭᠤᠣᠯ ᠰᠡᠳᠦᠪᠲᠦ ᠬᠥᠮᠦᠵᠢᠯ ᠢ ᠡᠬᠢᠯᠡᠭᠦᠯᠬᠦ ᠠᠴᠠ ᠡᠮᠦᠨᠡᠬᠢ ᠲᠤᠰᠬᠠᠢ ᠰᠡᠳᠦᠪᠲᠦ  ᠰᠤᠷᠤᠯᠴᠠᠭᠠᠨ ᠤ  ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/14
      9 ᠰᠠᠷ᠎ᠠ ᠶᠢᠨ 10      ᠤ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2023 ᠣᠨ ᠤ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ ᠭᠤᠤᠯ ᠰᠡᠳᠦᠪᠲᠦ ᠬᠥᠮᠦᠵᠢᠯ ᠢ ᠡᠬᠢᠯᠡᠭᠦᠯᠬᠦ ᠠᠴᠠ ᠡᠮᠦᠨᠡᠬᠢ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠠᠶ ᡁᠢ ᠵᠢᠶᠦ᠋ᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠭᠡᠷ ᠲᠡᠭᠡᠨ ᠪᠠᠶᠢᠭᠰᠠᠨ ᠬᠤᠳᠠ ᠶᠢᠨ ᠨᠠᠮ ᠤᠨ ᠬᠤᠷᠢᠶ᠎ᠡ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠭᠤᠸᠠᠩᠳᠦ᠋ᠩ ᠳᠤ ᠠᠵᠢᠯ ᠪᠠᠶᠢᠴᠠᠭᠠᠬᠤ ᠳᠠᠭᠠᠨ ᠭᠤᠣᠯ ᠰᠡᠳᠦᠪᠲᠦ ᠬᠥᠮᠦᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠱᠠᠨᠰᠢ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠭᠤᠣᠯ ᠰᠡᠳᠦᠪᠲᠦ ᠬᠥᠮᠦᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠣᠨᠣᠰᠴᠤ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠭᠤᠤᠯ ᠰᠡᠳᠦᠪᠲᠦ ᠬᠥᠮᠦᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠵᠢᠶᠠᠩᠰᠦ ᠮᠤᠵᠢ ᠶᠢᠨ ᠨᠠᠮ ᠤᠨ ᠬᠤᠷᠢᠶ᠎ᠠ ᠪᠠ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠭᠤᠤᠯ ᠰᠡᠳᠦᠪᠲᠦ ᠬᠥᠮᠦᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠪᠣᠯᠤᠨ᠎ᠠ᠃      ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠭᠤᠣᠯ ᠰᠡᠳᠦᠪᠲᠦ ᠬᠥᠮᠦᠵᠢᠯ ᠤᠨ ᠲᠤᠬᠠᠢ ᠰᠢᠷᠢᠰ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ᠂ ᠤᠷᠢᠳᠠᠪᠠᠷ ᠰᠤᠷᠤᠯᠴᠠᠵᠤ᠂ ᠤᠷᠢᠳᠴᠢᠯᠠᠨ ︽ᠪᠡᠯᠡᠳᠬᠡᠯ ᠠᠵᠢᠯ︾ ᠬᠢᠵᠦ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠳᠤ ᠦᠵᠡᠯ ᠰᠠᠨᠠᠭᠠᠨ ᠤ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠢ᠃      ᠬᠤᠷᠠᠯ ᠠᠴᠠ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃  ᠨᠢᠭᠡᠳᠦᠯᠲᠡᠢ ᠲᠥᠯᠥᠪᠵᠢᠭᠦᠯᠦᠨ ᠨᠡᠶᠢᠳᠡ  ᠳᠤᠨᠢ ᠬᠠᠷᠠᠭᠠᠯᠵᠠᠬᠤ ᠶᠢ ᠲᠤᠪᠤᠶᠢᠯᠭᠠᠨ ᠰᠠᠶᠢᠲᠤᠷ ᠠᠳᠬᠤᠵᠤ᠂ ᠬᠥᠮᠦᠵᠢᠯ ᠦᠢᠯᠡᠳᠦᠯᠭᠡ ᠶᠢᠨ ᠬᠤᠶᠠᠷ ᠲᠠᠯ᠎ᠠ ᠶᠢ ᠠᠳᠬᠤᠬᠤ ᠶᠢ ᠪᠠᠷᠢᠮᠲᠠᠯᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠲᠦᠷᠭᠡᠨ ᠬᠢᠬᠦ ᠶᠢ ᠴᠢᠩᠭ᠎ᠠ ᠠᠳᠬᠤᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨᠬᠦ ᠬᠦᠴᠢᠷ ᠢ ᠲᠤᠭᠤᠯᠤᠨ ᠬᠦᠴᠢᠷ ᠢ ᠳᠠᠪᠠᠭ᠋ᠤ᠂ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠲᠡᠷᠢᠭᠦᠨ ᠤ ᠲᠤᠷᠰᠢᠯᠭ᠎ᠠ ᠶᠢ ᠭᠦᠢᠴᠡᠳ ᠲᠣᠯᠢᠯᠠᠵᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠪᠣᠯᠪᠠᠰᠤᠷᠠᠩᠭᠤᠶ ᠲᠤᠷᠰᠢᠯᠭ᠎ᠠ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠨ ᠰᠢᠩᠭᠡᠭᠡᠨ ᠠᠪᠴᠤ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠢᠨ᠎ᠡ ᠶᠢ ᠡᠭᠦᠳᠦᠨ ᠬᠤᠪᠢᠷᠠᠭᠤᠯᠬᠤ ᠠᠵᠢᠯ ᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠶᠢ ᠡᠷᠬᠢᠮᠯᠡᠨ ᠲᠤᠰᠠᠲᠠᠶ ᠠᠷᠭ᠎ᠠ ᠬᠡᠮᠵᠢᠶ᠎ᠡ ᠠᠪᠴᠤ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠪᠦᠬᠦ ᠲᠠᠯ᠎ᠠ ᠪᠠᠷ ᠡᠬᠢᠯᠡᠭᠦᠯᠬᠦ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠬᠤᠳᠠ ᠶᠢᠨ ᠨᠠᠮ ᠤᠨ  ᠬᠤᠷᠢᠶ᠎ᠡ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠵᠢᠴᠢ ᠲᠡᠭᠦᠨ ᠤ ᠠᠯᠪᠠᠨ ᠭᠡᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠦᠳᠦᠯᠥᠨ ᠳᠠᠭᠠᠭᠤᠯᠵᠤ ᠬᠤᠯᠪᠣᠭᠠᠯᠠᠨ ᠬᠥᠳᠡᠯᠦᠯᠴᠡᠵᠦ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ᠂ ᠠᠵᠢᠯᠯᠠᠭ᠎ᠠ ᠳᠡᠭᠡᠷ᠎ᠡ ᠪᠠᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ