9 ᠰᠠᠷ᠎ᠠ ᠶᠢᠨ 12 ᠤᠨ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠨᠠᠮ ᠤᠨ ᠬᠤᠷᠢᠶᠠᠨ ᠤ ᠬᠢᠨᠠᠯᠲᠠ | ᠲᠠᠯᠪᠢᠵᠤ ᠨᠡᠪᠲᠡᠷᠡᠭᠦᠯᠬᠦ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠪᠠᠢ ᡁᠢ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠬᠢᠨᠠᠯᠲᠠ | ᠲᠠᠯᠪᠢᠵᠤ ᠵᠣᠬᠢᠴᠠᠭᠤᠯᠬᠤ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ | ᠤᠷᠦᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠥᠬᠦᠶ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠬᠤ ᠶᠢ ᠲᠤᠤᠱᠯᠠᠭᠤᠯᠤᠨ ᠵᠣᠬᠢᠴᠠᠭᠤᠯᠬᠤ ᠤᠳᠤᠷᠢᠳᠬᠤ | ᠳᠤᠭᠤᠶᠢᠯᠠᠩ ᠤᠨ ᠬᠤᠯᠪᠣᠭᠳᠠᠯ ᠪᠥᠬᠦᠶ ᠲᠦᠷᠢᠮ ᠤᠨ ᠨᠠᠷᠢᠨ ᠲᠦᠷᠢᠮ ᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ | ᠳᠣᠭᠢᠷᠠᠭᠤᠯᠤᠨ ᠪᠠᠶᠢᠷᠢᠯᠠᠭᠤᠯᠪᠠ᠃ ᠬᠢᠨᠠᠯᠲᠠ ᠲᠠᠯᠪᠢᠵᠤ ᠨᠡᠪᠲᠡᠷᠡᠭᠦᠯᠬᠦ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠢᠴᠢ ᠡᠯ᠎ᠡ | ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ | ᠪᠠᠶ ᡁᠢ ᠵᠢᠶᠦ᠋ᠨ ᠵᠢᠭᠠᠵᠤ ᠭᠠᠷᠭᠠᠭᠰᠠᠨ ᠨᠢ᠂ ᠬᠢᠨᠠᠯᠲᠠ ᠲᠠᠯᠪᠢᠯᠲᠠ ᠶᠢ ᠨᠡᠪᠲᠡᠷᠡᠭᠦᠯᠦᠨ ᠵᠣᠬᠢᠴᠠᠭᠤᠯᠬᠤ ᠠᠵᠢᠯ ᠢ ᠪᠣᠳᠠᠲᠠᠶᠢᠵᠢᠭᠤᠯᠤᠨ ᠰᠠᠶᠢᠲᠤᠷ ᠬᠢᠬᠦ ᠨᠢ | ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠡᠯ᠎ᠡ ᠱᠠᠳᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠢᠨᠠᠯᠲᠠ ᠲᠠᠯᠪᠢᠯᠲᠠ ᠶᠢ ᠨᠡᠪᠲᠡᠷᠡᠭᠦᠯᠦᠨ | ᠵᠣᠬᠢᠴᠠᠭᠤᠯᠬᠤ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠪᠠᠷ | ᠶᠡᠷᠦᠩᠬᠡᠶᠢᠯᠡᠨ ᠵᠢᠯᠤᠭᠤᠳᠤᠭᠤᠯᠵᠤ᠂ ᠡᠯ᠎ᠡ ᠲᠦᠷᠦᠯ ᠤᠨ ᠬᠢᠨᠠᠯᠲᠠ ᠲᠠᠯᠪᠢᠯᠲᠠ ᠶᠢ ᠬᠠᠮᠵᠢᠯᠴᠠᠭᠤᠯᠤᠨ ᠥᠨᠳᠥᠷ ᠪᠦᠲᠦᠮᠵᠢᠲᠡᠢ ᠠᠵᠢᠯᠯᠠᠭᠤᠯᠬᠤ ᠬᠢᠨᠠᠯᠲᠠ | ᠲᠠᠯᠪᠢᠯᠲᠠ ᠶᠢᠨ ᠲᠣᠣᠷ ᠢ ᠲᠦᠷᠭᠡᠨ ᠪᠠᠶᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ | ᠠᠬᠢᠭᠤᠯᠬᠤ ᠬᠡᠷᠡᠭᠲᠡᠢ᠃ | ᠪᠠᠶ ᡁᠢ ᠵᠢᠶᠦ᠋ᠨ ᠱᠠᠭᠠᠷᠳᠠᠭᠰᠠᠨ ᠨᠢ᠂ ᠬᠤᠳᠠ ᠶᠢᠨ ᠨᠠᠮ ᠤᠨ ᠬᠤᠷᠢᠶ᠎ᠡ ᠶᠢᠨ ᠬᠢᠨᠠᠯᠲᠠ ᠲᠠᠯᠪᠢᠯᠲᠠ ᠶᠢ ᠨᠡᠪᠲᠡᠷᠡᠭᠦᠯᠦᠨ ᠵᠣᠬᠢᠴᠠᠭᠤᠯᠬᠤ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠪᠣᠯᠤᠨ ᠡᠯ᠎ᠡ ᠪᠦᠷᠢᠯᠳᠦᠬᠦᠨ ᠨᠢᠭᠡᠴᠡ ᠶᠢᠨ ᠬᠢᠨ ᠬᠤᠯᠪᠣᠭᠳᠠᠯ ᠪᠦᠬᠦᠢ ᠪᠢᠴᠢᠭ ᠮᠠᠲᠧᠷᠢᠶᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠰᠤᠳᠤᠯᠵᠤ᠂ ᠵᠠᠩᠭᠢᠯᠠᠭ᠎ᠠ ᠶᠢᠨ ᠠᠰᠠᠭᠤᠳᠠᠯ ᠳᠤ ᠠᠩᠬᠠᠷᠤᠯ ᠲᠥᠪᠯᠡᠷᠡᠭᠦᠯᠵᠦ᠂ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ | ᠡᠯ᠎ᠡ ᠵᠦᠢᠯ ᠤᠨ ᠪᠠᠶᠢᠭᠤᠯᠤᠮᠵᠢ ᠲᠣᠭᠲᠠᠴᠠ ᠶᠢ ᠲᠦᠷᠭᠡᠨ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠢᠳᠡᠪᠬᠢᠲᠡᠢ | ᠰᠠᠶᠢᠲᠤᠷ ᠬᠢᠵᠦ᠂ ᠡᠯ᠎ᠡ ᠰᠠᠯᠠᠭ᠎ᠠ ᠮᠥᠴᠢᠷ ᠤᠨ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢ ᠦᠨᠡᠨᠬᠦ | ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠢ ᠪᠣᠳᠠᠲᠠᠢ ᠪᠠᠷ ᠨᠡᠶᠢᠲᠡᠪᠦᠷᠢᠵᠢᠬᠦᠯᠬᠦ ᠶᠢ ᠲᠦᠷᠭᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ |