ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠡᠪᠦᠯ ᠤᠨ ᠤᠯᠠᠷᠢᠯ ᠤᠨ ᠪᠡᠶ᠎ᠡ  ᠲᠠᠮᠢᠷ ᠤᠨ ᠬᠠᠮᠢᠶᠠᠷᠤᠯᠲᠠ ᠶᠢᠨ ᠲᠥᠪ ᠠᠴᠠ ᠶᠢᠨ ᠯᠦᠩ ᠱᠠᠨ ᠤ ᠴᠠᠰᠤᠨ ᠳᠤ ᠭᠤᠯᠭᠤᠬᠤ ᠲᠠᠯᠠᠪᠠᠶ ᠳᠤ  ᠠᠬᠤᠢ ᠲᠠᠯᠠᠪᠤᠷ ᠤᠨ ᠲᠣᠰᠬᠠᠢ ᠠᠵᠢᠯᠲᠡᠨ ᠢ ᠲᠣᠮᠢᠯᠠᠨ‌‍ᠬᠦ᠋ᠷᠴᠦ  ᠤᠯᠠᠨ ᠲᠠᠯ᠎ᠠ ᠶᠢᠨ ᠲᠤᠰᠬᠠᠶ ᠮᠡᠷᠭᠡᠵᠢᠯᠲᠡᠨ  ᠲᠠᠢ ᠨᠡᠪᠲᠡᠷᠡᠯᠴᠡᠨ  ᠵᠠᠯᠭᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2023/9/22
      ᠪᠥᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠡᠳᠬᠡᠯ ᠺᠣᠮᠢᠰ ᠤᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾  ᠤ ᠵᠠᠯᠠᠨ ᠠᠶᠢᠯ ᠬᠤᠲᠠ  ᠶᠢᠨ ᠤᠷᠤᠯᠳᠤᠭᠠᠨ ᠤ ᠲᠣᠭᠤᠷᠢᠭ ᠲᠤ ᠰᠢᠭᠤᠳ ᠳᠠᠮᠵᠢᠭᠤᠯᠤᠨ ᠨᠡᠪᠲᠡᠷᠡᠭᠦᠯᠬᠦ ᠠᠵᠢᠯ ᠢ ᠪᠥᠬᠦ ᠲᠠᠯ᠎ᠠ ᠪᠠᠷ ᠰᠠᠶᠢᠲᠤᠷ  ᠬᠢᠬᠦ ᠶᠢᠨ ᠲᠦᠯᠦᠭᠡ᠂9 ᠰᠠᠷ᠎ᠠ ᠶᠢᠨ 16      ᠤ ᠡᠳᠦᠷ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠠᠴᠠ ᠳ᠋ᠢᠩ ᠵᠧᠨ ᠫᠢᠩ᠂   ᠮᠧᠩ ᠱᠤ᠂ ᠹᠠᠨ ᠴᠦᠨ ᠯᠠᠶ᠂ ᠪᠠᠶ ᠶᠦᠩ ᠂ ᠳ᠋ᠦ᠋    ᠸᠧᠨ ᠸᠧᠨ ᠵᠡᠷᠭᠡ ᠲᠠᠯᠠᠪᠤᠷ ᠤᠨ ᠲᠤᠰᠬᠠᠶ ᠮᠡᠷᠭᠡᠵᠢᠯᠲᠡᠨ ᠵᠢᠴᠢ ᠲᠠᠯᠠᠪᠤᠷ ᠤᠨ ᠲᠤᠰᠬᠠᠶ ᠮᠡᠷᠭᠡᠵᠢᠯᠲᠡᠨ ᠮᠤᠤ  ᠳ᠋ᠧ ᠴᠠᠩ ᠪᠣᠯᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠷᠪᠠᠨ ᠳᠥᠷᠪᠡᠳᠦᠭᠡᠷ ᠡᠪᠦᠯ ᠤᠨ ᠤᠯᠠᠷᠢᠯ ᠤᠨ ᠪᠡᠯᠡᠳᠬᠡᠯ ᠺᠣᠮᠢᠰ ᠤᠨ ᠠᠯᠪᠠᠨ ᠬᠡᠷ ᠤᠨ ᠲᠠᠯᠠᠪᠤᠷ ᠤᠨ ᠪᠠᠭᠠᠵᠢ ᠬᠡᠷᠡᠭᠰᠡᠯ ᠤᠨ ᠳᠤᠭᠤᠶᠢᠯᠠᠩ ᠤᠨ ᠬᠠᠷᠢᠭᠤᠴᠠᠯᠭᠠᠲᠠᠨ ᠶᠠᠨ ᡁᠢ ᠭᠤᠸᠠᠩ ᠨᠠᠷ  ᠶᠢᠨ ᠯᠦᠩ ᠱᠠᠨ ᠤ ᠴᠠᠰᠤᠨ ᠳᠤ ᠭᠤᠯᠭᠤᠬᠤ ᠲᠠᠯᠠᠪᠤᠷ ᠲᠤ  ᠵᠠᠭᠤᠴᠢᠯᠠᠭᠤᠷ ᠤᠨ ᠲᠤᠰᠬᠠᠶ ᠮᠡᠷᠭᠡᠵᠢᠯᠲᠡᠨ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠲᠠᠢ ᠨᠡᠪᠲᠡᠷᠡᠯᠴᠡᠭᠦᠯᠦᠨ ᠵᠣᠯᠭᠠᠭᠤᠯᠪᠠ᠃      ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠢᠨ  ᠶᠢᠨ ᠯᠦᠩ ᠱᠠᠨ ᠤ ᠴᠠᠰᠤᠨ ᠳᠤ ᠭᠤᠯᠭᠤᠬᠤ ᠲᠠᠯᠠᠪᠤᠷ ᠤᠨ ᠤᠷᠤᠯᠳᠤᠭᠠᠨ ᠤ ᠲᠠᠯᠠᠪᠤᠷ ᠲᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠲᠤᠯᠤᠭᠠᠨ ᠤᠷᠤᠯᠳᠤᠭᠠᠨ ᠤ ᠵᠦᠢᠯᠡᠰ ᠤᠨ ᠲᠠᠯᠠᠪᠤᠷ ᠤᠨ ᠲᠤᠰᠬᠠᠶ ᠮᠡᠷᠭᠡᠵᠢᠯᠲᠡᠨ  ᠲᠣᠰ ᠲᠣᠰ ᠲᠥᠪ ᠲᠧᠯᠸᠢᠰ ᠤᠨ ᠲᠤᠰᠬᠠᠶ ᠮᠡᠷᠭᠡᠵᠢᠯᠲᠡᠨ᠂ ᠰᠢᠨᠬᠤᠸᠠ ᠬᠤᠷᠢᠶᠠᠨ ᠤ ᠲᠤᠰᠬᠠᠶ ᠮᠡᠷᠭᠡᠵᠢᠯᠲᠡᠨ ᠪᠠ ᠮᠡᠳᠡᠭᠡ ᠵᠠᠩᠭᠢ ᠶᠢᠨ ᠮᠡᠷᠭᠡᠵᠢᠯ ᠤᠨ ᠲᠤᠰᠬᠠᠶ ᠮᠡᠷᠭᠡᠵᠢᠯᠲᠡᠨ    ᠵᠡᠷᠭᠡ ᠬᠦᠮᠦᠰ ᠬᠠᠷᠠᠭᠠᠯᠵᠠᠭᠰᠠᠨ ᠲᠠᠯᠠᠪᠤᠷ ᠲᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠠᠵᠢᠯ ᠥᠷᠨᠢᠭᠦᠯᠦᠭᠰᠡᠨ ᠪᠥᠭᠡᠳ ᠰᠢᠭᠤᠳ ᠳᠠᠮᠵᠢᠭᠤᠯᠤᠨ ᠨᠡᠪᠲᠡᠷᠡᠭᠦᠯᠬᠦ ᠬᠤᠯᠪᠣᠭᠳᠠᠯ ᠪᠥᠬᠦᠶ ᠤᠴᠢᠷ ᠶᠠᠪᠤᠳᠠᠯ ᠢ ᠢᠳᠡᠪᠬᠢᠲᠡᠶ ᠪᠠᠷ ᠵᠥᠪᠳᠡᠯᠴᠡᠪᠡ᠃ ᠳᠠᠷᠠᠭ᠎ᠠ ᠳᠤᠨᠢ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠬᠤᠲᠠ ᠶᠢᠨ ᠵᠠᠰᠠᠭ ᠤᠨ ᠣᠷᠳᠣᠨ ᠤ ᠳᠥᠷᠪᠡᠳᠦᠭᠡᠷ ᠳᠠᠪᠬᠤᠷᠯᠢᠭ ᠤᠨ ᠵᠢᠯᠣᠭᠤᠳᠬᠤ ᠲᠥᠪ ᠤᠨ ᠬᠤᠷᠠᠯ ᠤᠨ ᠭᠡᠷ ᠲᠤ ᠵᠣᠯᠭᠠᠭᠤᠯᠵᠤ ᠰᠣᠯᠢᠯᠴᠠᠬᠤ ᠬᠤᠷᠠᠯ ᠥᠷᠨᠢᠭᠦᠯᠵᠦ᠂ ᠰᠢᠭᠤᠳ ᠳᠠᠮᠵᠢᠭᠤᠯᠬᠤ ᠶᠠᠪᠤᠳᠠᠯ ᠤᠨ ᠲᠤᠬᠠᠢ ᠤᠯᠠᠮ ᠴᠢᠨᠠᠭᠰᠢᠳᠠ ᠰᠤᠳᠤᠯᠤᠨ ᠶᠠᠷᠢᠯᠴᠠᠭᠰᠠᠨ ᠪᠥᠭᠡᠳ ᠤᠯᠠᠨ ᠲᠠᠯ᠎ᠠ ᠪᠠᠷ ᠰᠠᠨᠠᠯ ᠨᠢᠭᠡᠳᠴᠡᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠡᠳᠬᠡᠯ ᠺᠣᠮᠢᠰ ᠤᠨ ᠡᠷᠬᠢᠯᠡᠭᠴᠢ ᠷᠡᠨ ᠸᠧᠨ‌ᠵᠢᠶᠠᠩ ᠵᠢᠭᠠᠵᠤ ᠭᠠᠷᠭᠠᠭᠰᠠᠨ ᠨᠢ᠂ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾  ᠤ ᠤᠷᠤᠯᠳᠤᠭᠠᠨ ᠢ ᠪᠡᠯᠡᠳᠬᠡᠬᠦ ᠨᠢ ᠵᠠᠯᠠᠨ ᠠᠶᠢᠯ ᠬᠤᠲᠠ ᠳᠤ ᠠᠪᠴᠤ ᠬᠡᠯᠡᠪᠡᠯ᠂ ᠨᠢᠭᠡ ᠤᠳᠠᠭᠠᠨ ᠤ ᠬᠥᠭᠵᠢᠯᠲᠡ ᠶᠢᠨ ᠲᠣᠬᠢᠶᠠᠯ ᠪᠣᠯᠬᠤ ᠪᠥᠭᠡᠳ ᠪᠠᠰᠠ ᠴᠤ ᠨᠢᠭᠡ ᠤᠳᠠᠭᠠᠨ ᠤ ᠴᠢᠬᠤᠯᠠ ᠶᠡᠭᠡ ᠰᠢᠯᠭᠠᠯᠲᠠ ᠪᠣᠯᠬᠤ ᠶᠤᠮ᠂ ᠡᠨᠡ ᠤᠳᠠᠭ᠎ᠠ ᠶᠢᠨ ᠣᠯᠠᠨ ᠲᠠᠯ᠎ᠠ ᠶᠢᠨ ᠲᠤᠰᠬᠠᠶ ᠮᠡᠷᠭᠡᠵᠢᠯᠲᠡᠳ ᠬᠠᠮᠲᠤ ᠪᠠᠷ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾  ᠤ ᠵᠠᠯᠠᠨ ᠠᠶᠢᠯ  ᠬᠤᠲᠠ ᠶᠢᠨ ᠤᠷᠤᠯᠳᠤᠭᠠᠨ ᠤ ᠲᠣᠭᠤᠷᠢᠭ ᠤᠨ ᠰᠢᠭᠤᠳ ᠳᠠᠮᠵᠢᠭᠤᠯᠬᠤ ᠨᠡᠪᠲᠡᠷᠡᠭᠦᠯᠭᠡ ᠶᠢᠨ ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ   ᠵᠦᠪᠲᠡᠯᠴᠡᠬᠦ  ᠨᠢ ᠵᠠᠯᠠᠨ ᠠᠶᠢᠯ ᠬᠤᠲᠠ ᠶᠢᠨ  ᠤᠷᠤᠯᠳᠤᠭᠠᠨ ᠤ ᠲᠣᠭᠤᠷᠢᠭ ᠤᠨ ᠪᠡᠯᠡᠳᠬᠡᠯ ᠠᠵᠢᠯ ᠳᠤ ᠠᠪᠴᠤ ᠬᠡᠯᠡᠪᠡᠯ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠃ ᠲᠣᠰ ᠤᠳᠠᠭᠠᠨ ᠤ ᠵᠥᠪᠳᠡᠯᠴᠡᠭᠡ ᠪᠠᠷ ᠳᠡᠮᠵᠢᠨ᠂ ᠡᠯ᠎ᠡ ᠲᠠᠯ᠎ᠠ ᠶᠢᠨ ᠲᠤᠰᠬᠠᠶ ᠮᠡᠷᠭᠡᠵᠢᠯᠲᠡᠳ ᠤᠯᠠᠮ ᠨᠢᠭᠡ ᠠᠯᠬᠤᠮ ᠨᠡᠪᠲᠡᠷᠡᠯᠴᠡᠨ ᠵᠣᠬᠢᠴᠠᠭᠤᠯᠵᠤ᠂ ᠰᠢᠭᠤᠳ ᠳᠠᠮᠵᠢᠭᠤᠯᠬᠤ ᠨᠡᠪᠲᠡᠷᠡᠭᠦᠯᠭᠡ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠬᠠᠮᠲᠤ ᠪᠠᠷ ᠰᠤᠳᠤᠯᠤᠨ ᠶᠠᠷᠢᠯᠴᠠᠵᠤ᠂  ᠰᠢᠢᠳᠪᠤᠷᠢᠯᠡᠬᠦ  ᠲᠥᠰᠦᠯ ᠢ ᠢᠳᠡᠪᠬᠢᠲᠡᠶ ᠪᠠᠷ ᠵᠥᠪᠳᠡᠯᠴᠡᠨ᠂ ᠵᠠᠯᠠᠨ ᠠᠶᠢᠯ ᠤᠨ ᠤᠷᠤᠯᠳᠤᠭᠠᠨ ᠤ ᠲᠣᠭᠤᠷᠢᠭ ᠤᠨ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾  ᠤ ᠡᠯ᠎ᠡ  ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾  ᠤ ᠥᠪᠥᠷ ᠮᠣᠩᠭᠤᠯ ᠳᠤ ᠡᠷᠭᠢᠯᠡᠭᠡᠳ ᠲᠡᠭᠦᠰ ᠠᠮᠵᠢᠯᠲᠠ ᠤᠯᠬᠤ ᠶᠢ ᠦᠨᠡᠨ ᠬᠦ ᠪᠠᠲᠤᠯᠠᠬᠤ ᠶᠢ ᠬᠦᠰᠡᠵᠦ ᠪᠠᠶᠢᠨ᠎ᠠ ᠭᠡᠵᠡᠶ᠃ 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ