ᠵᠠᠯᠠᠨ ᠠᠶᠢᠯ ᠬᠤᠲᠠ ᠶᠢᠨ ᠨᠣᠮ ᠤᠨ ᠰᠠᠩ ︽ᠭᠠᠯ ᠤᠨᠲᠠᠷᠠᠭᠠᠬᠤ ᠠᠮᠤᠷ ᠲᠦᠪᠰᠢᠨ ᠢ ᠲᠦᠮᠡᠨ ᠡᠷᠦᠬᠡ ᠳᠤ ᠬᠦᠷᠭᠡᠬᠦ︾ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/9/22
      ᠨᠣᠮ ᠤᠨ  ᠰᠠᠩ ᠤᠨ  ᠠᠵᠢᠯᠴᠢᠨ᠂ ᠤᠩᠰᠢᠭᠴᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ  ᠪᠠ ᠭᠠᠯ ᠤᠨ ᠭᠠᠮᠰᠢᠭ ᠢ ᠰᠡᠷᠭᠡᠶᠢᠯᠡᠬᠦ ᠪᠠ ᠡᠰᠡᠷᠭᠦᠴᠡᠬᠦ ᠴᠢᠳᠠᠪᠤᠷᠢ ᠪᠠᠨ  ᠲᠡᠭᠡᠭᠰᠢᠯᠡᠭᠦᠯᠬᠦ ᠶᠢᠨ ᠲᠦᠯᠦᠭᠡ᠂ 2023 ᠣᠨ ᠤ 9 ᠰᠠᠷ᠎ᠠ ᠶᠢᠨ 19      ᠤ ᠡᠳᠦᠷ᠂ ᠵᠠᠯᠠᠨ ᠠᠶᠢᠯ ᠬᠤᠲᠠ ᠶᠢᠨ ᠨᠣᠮ ᠤᠨ ᠰᠠᠩ ᠬᠥᠯᠥᠨ ᠪᠤᠶᠢᠷ ᠤᠨ ᠭᠠᠯ ᠤᠨᠲᠠᠷᠠᠭᠠᠬᠤ ᠠᠵᠢᠯ ᠲᠥᠷᠥᠯ ᠤᠨ ᠨᠡᠶᠢᠭᠡᠮᠯᠢᠭ ᠤᠨ ᠯᠢᠦ ᠴᠠᠩ ᠢ ᠤᠷᠢᠵᠤ ᠵᠠᠯᠠᠨ ᠠᠶᠢᠯ ᠬᠤᠲᠠ ᠶᠢᠨ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠲᠤ ︽ᠭᠠᠯ ᠤᠨᠲᠠᠷᠠᠭᠠᠬᠤ ᠠᠮᠤᠷ ᠲᠦᠪᠰᠢᠨ ᠢ ᠲᠦᠮᠡᠨ ᠡᠷᠦᠬᠡ ᠳᠤ ᠬᠦᠷᠭᠡᠬᠦ︾ ᠭᠤᠤᠯ ᠰᠡᠳᠦᠪᠲᠦ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠥᠷᠨᠢᠭᠦᠯᠵᠦ᠂ ᠨᠣᠮ ᠤᠨ  ᠰᠠᠩ ᠤᠨ  ᠠᠵᠢᠯᠴᠢᠨ᠂ ᠤᠩᠰᠢᠭᠴᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠡᠷᠭᠡ 60 ᠭᠠᠷᠤᠶ ᠬᠥᠮᠦᠨ ᠢ ᠵᠣᠬᠢᠶᠠᠨ ᠪᠠᠶᠢᠭᠤᠯᠵᠤ ᠲᠣᠰ ᠤᠳᠠᠭᠠᠨ ᠤ ᠲᠠᠶᠢᠯᠤᠮᠵᠢ ᠳᠤ ᠣᠷᠣᠯᠴᠠᠭᠤᠯᠵᠠᠶ᠃      ᠯᠢᠦ ᠰᠤᠷᠭᠠᠭᠴᠢ  ᠪᠣᠳᠠᠳᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠠᠯ ᠤᠨ ᠭᠠᠮᠰᠢᠭ ᠤᠨ ᠬᠦᠨᠳᠦ ᠨᠣᠴᠢᠲᠠᠶ ᠦᠷ᠎ᠡ ᠳ᠋ᠦᠩ ᠵᠢᠴᠢ ᠭᠠᠯ ᠤᠨ ᠠᠶᠤᠯ ᠭᠠᠷᠤᠭᠰᠠᠨ ᠦᠶ᠎ᠡ ᠳᠤ ᠬᠡᠷᠬᠢᠨ ᠲᠠᠷᠬᠠᠭᠠᠬᠤ ᠪᠠ ᠠᠮᠢ ᠵᠢᠭᠤᠲᠠᠬᠤ ᠲᠤᠬᠠᠶ ᠣᠯᠠᠨ ᠳᠤ ᠠᠮᠢᠳᠤᠯᠢᠭ ᠳᠦᠷᠰᠦᠯᠢᠭ ᠢᠶᠠᠷ ᠶᠠᠷᠢᠵᠤ  ᠦᠭᠭᠦᠨ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠵᠥᠪ ᠣᠨᠣᠪᠴᠢᠲᠠᠶ ᠬᠡᠷᠡᠭᠯᠡᠬᠦ ᠠᠷᠭ᠎ᠠ ᠪᠠ ᠠᠩᠬᠠᠷᠬᠤ  ᠵᠦᠢᠯᠡᠰ ᠢ ᠲᠠᠶᠢᠯᠪᠤᠷᠢᠯᠠᠨ ᠶᠠᠷᠢᠭᠰᠠᠨ ᠪᠠᠶᠢᠨ᠎ᠠ᠃ ᠰᠢᠩᠭᠡᠨᠵᠢᠮᠡᠯ ᠬᠡᠢ ᠶᠢ ᠬᠡᠷᠬᠢᠨ ᠵᠥᠪ ᠬᠡᠷᠡᠭᠯᠡᠬᠦ︔ ᠲᠣᠰᠣᠨ ᠲᠣᠭᠤᠭ᠎ᠠ ᠳᠤ ᠭᠠᠯ ᠭᠠᠷᠬᠤ ᠶᠢ  ᠰᠢᠢᠳᠪᠤᠷᠢᠯᠡᠬᠦ ᠵᠡᠷᠭᠡ ᠬᠤᠯᠪᠣᠭᠳᠠᠯ ᠪᠥᠬᠦᠶ ᠶᠡᠷᠦ ᠶᠢᠨ ᠮᠡᠳᠡᠯᠭᠡ  ᠶᠢ ᠲᠠᠶᠢᠯᠪᠤᠷᠢᠯᠠᠭᠰᠠᠨ ᠪᠠᠶᠢᠨ᠎ᠠ᠃ ᠰᠤᠷᠦᠯᠴᠡᠯᠭ᠎ᠠ ᠪᠠᠷ ᠲᠡᠮᠵᠢᠠ ᠤᠯᠡᠠ ᠢᠶᠠᠷ ᠢᠶᠠᠨ ᠭᠠᠯ ᠤᠨᠲᠠᠷᠠᠭᠠᠭᠤᠷ ᠢ ᠵᠥᠪ ᠬᠡᠷᠡᠭᠯᠡᠬᠦ ᠪᠠ ᠦᠪᠡᠷ ᠢᠶᠠᠨ   ᠬᠠᠮᠠᠭᠠᠯᠠᠬᠤ ᠶᠢ ᠡᠵᠡᠮᠰᠢᠪᠡ᠃ ᠡᠭᠦᠨ ᠤ ᠬᠠᠮᠲᠤ ᠲᠤᠬᠠᠶ ᠶᠢᠨ ᠲᠠᠯᠠᠪᠤᠷ ᠤᠨ ᠰᠠᠭᠤᠭᠠᠯᠢ ᠠᠷᠠᠳ ᠤᠨ ᠳᠤᠷᠠᠳᠤᠭᠰᠠᠨ ᠬᠡᠷ ᠪᠦᠯᠢ ᠶᠢᠨ ᠭᠠᠯ ᠤᠨ ᠭᠠᠮᠰᠢᠭ ᠢ ᠬᠡᠷᠬᠢᠨ ᠰᠡᠷᠭᠡᠶᠢᠯᠡᠬᠦ᠂ ᠥᠪᠡᠷ ᠢ ᠪᠠᠨ ᠬᠡᠷᠬᠢᠨ ᠵᠥᠪ ᠠᠪᠤᠷᠠᠬᠤ ᠵᠡᠷᠭᠡ ᠠᠰᠠᠭᠤᠳᠠᠯ ᠢ ᠬᠦᠯᠢᠴᠡᠩᠭᠦᠶ ᠪᠠᠷ ᠬᠠᠷᠢᠭᠤᠯᠵᠠᠶ᠃        ᠯᠢᠦ ᠰᠤᠷᠭᠠᠭᠴᠢ ᠣᠯᠠᠨ ᠳᠤ ᠰᠠᠨᠠᠭᠤᠯᠬᠤ ᠳᠠᠭᠠᠨ᠂ ᠨᠢᠭᠡᠴᠡ᠂ ᠬᠡᠷ ᠪᠦᠯᠢ ᠠᠴᠠ ᠪᠠᠨ ᠰᠠᠯᠬᠤ ᠦᠶ᠎ᠡ ᠳᠤ ᠵᠠᠪᠠᠯ ᠴᠠᠬᠢᠯᠭᠠᠨ ᠡᠭᠦᠰᠭᠡᠭᠴᠢ᠂ ᠰᠢᠲᠠᠮᠠᠬᠠᠶ ᠬᠡᠶ ᠵᠡᠷᠭᠡ ᠲᠥᠬᠦᠭᠡᠷᠦᠮᠵᠢ ᠶᠢ ᠬᠠᠭᠠᠵᠤ᠂ ᠭᠠᠯ ᠤᠨᠲᠠᠷᠠᠭᠠᠬᠤ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠨᠢᠭᠡᠴᠡ ᠵᠢᠴᠢ ᠬᠡᠷ ᠪᠦᠯᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ ᠰᠠᠶᠢᠲᠤᠷ ᠬᠢᠬᠦ ᠬᠡᠷᠡᠭᠲᠡᠶ ᠭᠡᠵᠡᠶ᠃ ᠠᠮᠢ ᠨᠠᠰᠤ ᠨᠢᠭᠡ ᠯᠡ ᠤᠳᠠᠭ᠎ᠠ ᠪᠠᠶᠢᠳᠠᠭ᠂ ᠥᠪᠡᠷ ᠤᠨ ᠪᠡᠶ᠎ᠡ ᠪᠠ ᠬᠡᠷ ᠤᠨ ᠬᠥᠮᠦᠰ ᠤᠨ ᠢᠶᠠᠨ ᠵᠣᠯ ᠵᠢᠷᠭᠠᠯ ᠤᠨ ᠲᠥᠯᠥᠭᠡ᠂ ᠵᠠᠪᠠᠯ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠲᠠᠢ ᠪᠠᠶᠢᠬᠤ ᠬᠡᠷᠡᠭᠲᠡᠶ᠂ ᠬᠡᠷ ᠤᠨ ᠬᠥᠮᠦᠰ ᠪᠠ ᠪᠤᠰᠤᠳ ᠤᠨ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃      ᠲᠠᠶᠢᠯᠤᠮᠵᠢ ᠬᠢᠬᠦ ᠶᠠᠪᠤᠴᠠ ᠳᠤ᠂ ᠯᠢᠦ ᠰᠤᠷᠭᠠᠭᠴᠢ ᠣᠯᠠᠨ ᠤᠳᠠᠭ᠎ᠠ ᠲᠤᠬᠠᠶ ᠶᠢᠨ ᠲᠠᠯᠠᠪᠤᠷ ᠲᠤ ᠠᠰᠠᠭᠤᠯᠲᠠ ᠳᠤᠷᠠᠳᠴᠤ᠂ ᠣᠯᠠᠨ ᠤ ᠪᠣᠳᠣᠯᠬᠢᠯᠠᠯ ᠢ ᠣᠯᠵᠤ᠂ ᠣᠯᠠᠨ ᠤ ᠰᠤᠷᠤᠯᠴᠠᠬᠤ ᠤᠷᠮ᠎ᠠ ᠶᠢ ᠳᠠᠶᠢᠴᠢᠯᠠᠵᠤ᠂ ᠬᠠᠷᠢᠯᠴᠠᠨ ᠦᠢᠯᠡᠳᠦᠯᠴᠡᠬᠦ ᠰᠠᠶᠢᠨ ᠦᠷ᠎ᠡ ᠳ᠋ᠦᠩ ᠳᠤ ᠬᠦᠷᠦᠭᠰᠡᠨ ᠪᠠᠶᠢᠨ᠎ᠠ᠃ ᠪᠣᠯᠪᠠᠰᠤᠷᠠᠭᠤᠯᠤᠯ ᠤᠨ ᠲᠠᠶᠢᠯᠤᠮᠵᠢ ᠪᠠᠷ ᠳᠠᠮᠵᠢᠭᠤᠯᠤᠨ᠂ ᠺᠠᠳ᠋ᠷ ᠠᠵᠢᠯᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠭᠠᠯ ᠤᠨᠲᠠᠷᠠᠭᠠᠬᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ  ᠰᠢᠢᠳᠪᠤᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠭᠠᠯ ᠤᠨ ᠭᠠᠮᠰᠢᠭ ᠤᠨ ᠳᠠᠯᠳᠠ ᠬᠡᠮ ᠢ ᠰᠡᠷᠭᠡᠶᠢᠯᠡᠬᠦ᠂ ᠠᠳᠡᠯ ᠤᠨ ᠬᠤᠬᠢᠷᠠᠯ ᠢ ᠪᠦᠲᠦᠮᠵᠢᠲᠡᠶ ᠪᠠᠭᠠᠰᠬᠠᠬᠤ ᠳᠤ ᠢᠳᠡᠪᠬᠢᠲᠡᠶ  ᠦᠢᠯᠡᠳᠦᠯ‌ᠦᠵᠡᠭᠦᠯᠪᠡ᠃      ᠲᠣᠰ ᠤᠳᠠᠭᠠᠨ ᠤ ᠲᠠᠶᠢᠯᠤᠮᠵᠢ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠭᠠᠯ ᠤᠨᠲᠠᠷᠠᠭᠠᠬᠤ ᠠᠵᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠ ᠭᠠᠯ ᠭᠠᠷᠤᠭᠰᠠᠨ ᠲᠤᠬᠠᠶ ᠶᠢᠨ ᠲᠠᠯᠠᠪᠤᠷ ᠤᠨ ᠠᠮᠢ ᠵᠢᠭᠤᠲᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠪᠡ᠃ ᠯᠢᠦ ᠰᠤᠷᠭᠠᠭᠴᠢ ᠶᠢᠨ ᠠᠮᠢᠳᠤᠯᠢᠭ ᠨᠠᠷᠢᠨ ᠲᠠᠶᠢᠯᠪᠤᠷᠢᠯᠠᠯᠲᠠ ᠪᠣᠯᠤᠨ ᠬᠥᠮᠦᠰ ᠤᠨ ᠰᠡᠳᠬᠢᠯ ᠢ ᠰᠢᠮᠰᠢᠷᠡᠭᠦᠯᠦᠮ᠎ᠡ ᠭᠡᠷᠡᠯ ᠵᠢᠷᠤᠭ ᠤᠳ ᠨᠢ ᠭᠠᠯ ᠢ ᠰᠡᠷᠭᠡᠶᠢᠯᠡᠬᠦ ᠠᠵᠢᠯ ᠢ ᠠᠩᠬᠠᠷᠴᠤ᠂ ᠠᠮᠢ ᠨᠠᠰᠤ ᠪᠠᠨ ᠨᠠᠨᠳᠢᠩᠨᠠᠬᠤ ᠶᠢᠨ ᠴᠢᠬᠤᠯᠠ ᠴᠢᠨᠠᠷ ᠢ ᠬᠥᠮᠦᠰ ᠲᠤ ᠭᠦᠨᠵᠡᠭᠡᠶ  ᠲᠠᠨᠢᠭᠤᠯᠴᠠᠵᠤ᠂ ᠬᠤᠶᠢᠰᠢᠳᠠ ᠶᠢᠨ ᠠᠵᠢᠯ ᠠᠮᠢᠳᠤᠷᠠᠯ ᠤᠨ ᠳᠤᠮᠳᠠ ᠪᠠᠨ ᠭᠠᠯ ᠢ ᠰᠡᠷᠭᠡᠶᠢᠯᠡᠬᠦ ᠠᠵᠢᠯ ᠤᠨ ᠠᠮᠤᠷ ᠲᠦᠪᠰᠢᠨ ᠢ ᠴᠠᠭ ᠢᠮᠠᠭᠲᠠ ᠠᠩᠬᠠᠷᠴᠤ᠂ ᠳᠠᠯᠳᠠ ᠬᠡᠮ ᠭᠠᠷᠭᠠᠵᠤ ᠮᠡᠳᠡᠬᠦ  ᠵᠢᠵᠢᠭ ᠶᠠᠪᠤᠳᠠᠯ ᠢ ᠰᠡᠷᠡᠮᠵᠢᠯᠡᠨ᠂ ᠭᠠᠯ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠣᠯᠠᠨ ᠳᠤ ᠰᠠᠨᠠᠭᠤᠯᠵᠤ ᠪᠠᠶᠢᠨ᠎ᠠ᠃ 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ