ᠪᠠᠭᠰᠢ ᠰᠤᠷᠤᠭᠴᠢᠳ ᠢ ᠤᠯᠤᠰ ᠤᠨ ᠢᠴᠢᠭᠦᠷᠢ ᠭᠤᠲᠤᠮᠰᠢᠭ ᠢ ᠦᠯᠦ ᠮᠠᠷᠲᠠᠬᠤ ᠪᠠᠷ ᠬᠥᠮᠦᠵᠢᠭᠦᠯᠵᠦ᠂ ᠰᠤᠷᠤᠭᠴᠢᠳ ᠤᠨ ᠦᠨᠳᠦᠰᠦᠲᠡᠨ ᠤ | ᠬᠠᠷᠢᠭᠤᠴᠠᠯᠭᠠᠲᠤ ᠰᠡᠳᠬᠢᠯᠭᠡ ᠪᠠ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠨᠡᠮᠡᠭᠳᠡᠭᠦᠯᠵᠦ᠂ ᠰᠤᠷᠤᠭᠴᠢᠳ ᠤᠨ ᠥᠭᠡᠳᠡᠯᠡᠨ ᠲᠠᠪᠰᠢᠬᠤ ᠪᠠᠷ | ᠬᠦᠴᠦᠯᠡᠨ ᠴᠢᠷᠮᠠᠶᠢᠨ ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ ᠹᠠᠨ ᠷᠦᠩᠪᠠᠭᠠ ᠰᠤᠷᠭᠠᠭᠤᠯᠢ︽ᠶᠢᠰᠦᠨ ᠰᠠᠷ᠎ᠠ ᠶᠢᠨ ᠠᠷᠪᠠᠨ | ᠨᠠᠢᠮᠠᠨ︾ ᠤ ᠬᠡᠷᠡᠭ ᠬᠤᠪᠢᠰᠤᠯ ᠤᠨ 92 ᠵᠢᠯ ᠤᠨ ᠤᠢ ᠶᠢ ᠳᠤᠷᠠᠰᠬᠠᠬᠤ ᠰᠢᠷᠢᠰ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃ | ᠤᠯᠤᠰ ᠤᠨ ᠲᠤᠭ ᠮᠠᠨᠳᠤᠭᠤᠯᠬᠤ ᠶᠣᠰᠣᠯᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠬᠥᠰᠢᠭᠡ ᠪᠠᠨ ᠰᠡᠬᠦᠵᠦ᠂ ᠬᠤᠷᠴᠠ | ᠰᠣᠷᠭᠤᠭ ᠲᠠᠪᠤᠨ ᠣᠳᠣᠲᠤ ᠤᠯᠠᠭᠠᠨ ᠲᠤᠭ ᠰᠤᠷᠤᠭᠴᠢᠳ ᠤᠨ ᠠᠩᠬᠠᠷᠤᠯ ᠤᠨ ᠳᠣᠣᠷ᠎ᠠ ᠰᠠᠯᠬᠢᠨ ᠤ ᠠᠶ᠎ᠠ ᠪᠠᠷ ᠨᠠᠮᠢᠷᠠᠨ᠎ᠠ᠃ ᠪᠦᠬᠦ ᠪᠠᠭᠰᠢ ᠰᠤᠷᠤᠭᠴᠢᠳ ᠤᠨ | ᠲᠣᠣᠷ᠎ᠠ ᠬᠠᠷᠠᠵᠤ ︽ᠶᠢᠰᠦᠨ ᠰᠠᠷ᠎ᠠ ᠶᠢᠨ ᠠᠷᠪᠠᠨ ᠨᠠᠢᠮᠠᠨ︾ ᠤ ᠬᠡᠷᠡᠭ ᠬᠤᠪᠢᠰᠤᠯ ᠤᠨ ᠳᠤᠮᠳᠠ ᠨᠠᠰᠤ ᠨᠥᠭᠴᠢᠭᠰᠡᠨ ᠠᠬ᠎ᠠ ᠳᠡᠭᠦᠦ ᠨᠡᠷ ᠤᠨ ᠢᠶᠠᠨ ᠲᠥᠯᠥᠭᠡ ᠨᠢᠭᠡ | ᠮᠢᠨᠦ᠋ᠲ ᠨᠠᠮᠠᠨᠴᠢᠯᠠᠨ ᠭᠠᠰᠢᠭᠤᠳᠠᠵᠤ᠂ ᠠᠭᠤᠷ ᠠᠮᠢᠰᠬᠤᠯ ᠲᠥᠪ ᠴᠢᠩᠭ᠎ᠠ ᠪᠠᠶᠢᠯ᠎ᠠ᠃ ᠳᠠᠷᠠᠭ᠎ᠠ ᠪᠠᠷ ᠨᠢ ᠪᠠᠭᠠᠴᠤᠳ ᠤᠨ ᠬᠤᠰᠢᠭᠤᠴᠢ ᠠᠩᠭᠢ ᠶᠢᠨ ᠪᠦᠬᠦ | ᠭᠡᠰᠢᠭᠦᠳ ᠤᠷᠮ᠎ᠠ ᠵᠣᠷᠢᠭ ᠪᠠᠳᠠᠷᠠᠩᠭᠤᠶ ᠪᠠᠷ ᠲᠠᠩᠭᠠᠷᠢᠭᠯᠠᠪᠠ᠃ ᠡᠯ᠎ᠡ ᠳᠤᠮᠳᠠ ᠠᠩᠭᠢ ᠶᠢᠨ ᠬᠢᠨ ᠪᠠᠰᠠ ᠭᠤᠣᠯ ᠰᠡᠳᠦᠪᠲᠦ ᠠᠩᠭᠢ ᠶᠢᠨ ᠬᠤᠷᠠᠯ ᠢ ᠬᠤᠶᠢᠨ᠎ᠠ | ᠬᠤᠶᠢᠨ᠎ᠠ ᠠᠴᠠ ᠪᠠᠨ ᠥᠷᠨᠢᠭᠦᠯᠵᠦ᠂ ᠳᠤᠮᠳᠠ ᠠᠩᠭᠢ ᠶᠢᠨ ᠬᠠᠪᠰᠤᠷᠤᠨ ᠵᠢᠯᠤᠭᠤᠳᠤᠬᠴᠢ ︽ᠶᠢᠰᠦᠨ ᠰᠠᠷ᠎ᠠ ᠶᠢᠨ ᠠᠷᠪᠠᠨ ᠨᠠᠢᠮᠠᠨ︾ ᠤ ᠬᠡᠷᠡᠭ ᠬᠤᠪᠢᠰᠤᠯ ᠤᠨ | ᠲᠡᠦᠬᠡ ᠪᠠ ᠶᠠᠫᠣᠨ ᠴᠡᠷᠢᠭ ᠤᠨ ᠳᠤᠮᠳᠠᠳᠤ ᠤᠯᠤᠰ ᠢ ᠲᠦᠷᠢᠮᠡᠬᠡᠶᠢᠯᠡᠭᠰᠡᠨ ᠡᠯ᠎ᠡᠵᠦ᠋ᠢᠯ ᠤᠨ ᠶᠠᠯᠠᠲᠤ ᠠᠵᠢᠯᠯᠠᠭ᠎ᠠ ᠶᠢ ᠨᠠᠷᠢᠨ ᠨᠢᠮᠪᠠᠶ ᠲᠠᠶᠢᠯᠪᠤᠷᠢᠯᠠᠪᠠ᠃ ᠠᠩᠬᠢ ᠶᠢᠨ | ᠬᠤᠷᠠᠯ ᠤᠨ ᠬᠢᠴᠢᠶᠡᠯ ᠳᠡᠭᠡᠷ᠎ᠡ ᠤᠯᠤᠰ ᠢᠶᠠᠨ ᠬᠠᠶᠢᠷᠠᠯᠠᠬᠤ ᠦᠵᠡᠯ ᠤᠨ ᠺᠢᠨᠣ᠋ ︽ᠲᠦᠮᠡᠨ ᠭᠠᠵᠠᠷ ᠤᠨ ᠪᠤᠴᠠᠬᠤ ᠵᠠᠮ︾ ᠢ ᠦᠵᠡᠵᠦ᠂ ᠠᠩᠬᠢ ᠶᠢᠨ ᠭᠡᠰᠢᠭᠦᠳ ᠺᠢᠨᠣ᠋ | ᠦᠵᠡᠭᠰᠡᠨ ᠤ ᠳᠠᠷᠠᠭᠠᠬᠢ ᠲᠦᠷᠦᠭᠳᠡᠯ ᠢᠶᠠᠨ ᠪᠢᠴᠢᠬᠦ ᠬᠡᠯᠪᠡᠷᠢ ᠪᠠᠷ ᠥᠪᠡᠷ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠵᠡᠢ᠃ | ᠲᠡᠤᠬᠡ ᠮᠥᠨ ᠦᠷᠭᠦᠯᠵᠢᠯᠡᠨ᠎ᠡ᠂ ᠪᠢᠳᠡ ᠮᠥᠨ ᠬᠦ ᠲᠡᠮᠡᠴᠡᠬᠦ ᠴᠢᠬᠤᠯᠠᠲᠠᠶ ᠪᠠᠶᠢᠨ᠎ᠠ᠂ ᠲᠣᠰ ᠤᠳᠠᠭᠠᠨ ᠤ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠪᠠᠷ | ᠳᠡᠮᠵᠢᠨ᠂ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠲᠡᠷᠡ ᠬᠡᠰᠡᠭ ᠲᠡᠤᠬᠡ ᠪᠠᠨ ᠪᠠᠲᠤ ᠴᠡᠭᠡᠵᠢᠯᠡᠵᠦ᠂ ᠴᠠᠭ ᠢᠮᠠᠭᠲᠠ ᠥᠪᠡᠷ ᠢ ᠪᠠᠨ ᠰᠡᠷᠡᠮᠵᠢᠯᠡᠭᠦᠯᠦᠨ | ᠱᠠᠭᠠᠷᠳᠠᠵᠤ᠂ ᠰᠠᠶᠢᠨ ᠰᠠᠶᠢᠬᠠᠨ ᠢᠷᠡᠭᠡᠳᠦᠶ ᠪᠠᠨ ᠨᠠᠨᠳᠢᠩᠨᠠᠬᠤ ᠪᠣᠯᠤᠨ᠎ᠠ᠃ ᠲᠡᠦᠬᠡ ᠮᠥᠨ ᠦᠷᠭᠦᠯᠵᠢᠯᠡᠨ᠎ᠡ᠂ ᠪᠢᠳᠡ ᠮᠥᠨ ᠯᠡ ᠲᠡᠮᠡᠴᠡᠬᠦ ᠴᠢᠬᠤᠯᠠᠲᠠᠶ᠂ | ᠤᠯᠤᠰ ᠤᠨ ᠢᠴᠢᠭᠦᠷᠢ ᠶᠢ ᠦᠯᠦ ᠮᠠᠷᠲᠠᠵᠤ᠂ ᠡᠬᠡ ᠣᠷᠣᠨ ᠢᠶᠠᠨ ᠬᠠᠶᠢᠷᠠᠯᠠᠵᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠳᠤᠮᠳᠠᠳᠤ ᠤᠯᠤᠰ ᠢᠶᠠᠨ | ᠮᠠᠨᠳᠤᠭᠤᠯᠤᠨ᠎ᠠ︕ | |