ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠬᠤᠲᠠ ᠶᠢᠨ ᠰᠤᠷᠭᠠᠭᠤᠯᠢ ᠶᠢ ᠵᠣᠬᠢᠶᠠᠨ ᠪᠠᠶᠢᠭᠤᠯᠵᠤ 2023 ᠣᠨ ᠤ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠵᠦ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠰᠢᠷᠢᠰ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/9/5
      ᠰᠢ ᠶᠢᠨ ᠫᠢᠩ  ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠵᠦ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ  ᠢ ᠳᠡᠭᠡᠭᠰᠢᠯᠡᠬᠦ ᠶᠢᠨ ᠲᠦᠯᠦᠭᠡ᠂ ᠣᠶᠢᠷ᠎ᠠ ᠳᠤ ᠂ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ᠦᠨᠳᠦᠰᠦᠨ ᠱᠠᠲᠤᠨ ᠤ ᠰᠤᠷᠭᠠᠭᠤᠯᠢ ᠶᠢ ᠵᠣᠬᠢᠶᠠᠨ ᠪᠠᠶᠢᠭᠤᠯᠵᠤ 2023 ᠣᠨ ᠤ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠵᠦ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ  ᠢ ᠬᠠᠮᠠᠭᠠᠯᠠᠬᠤ ᠰᠢᠷᠢᠰ ᠠᠵᠢᠯᠯᠠᠭ᠎ᠠ ᠶᠢ ᠥᠷᠨᠢᠭᠦᠯᠪᠡ᠃      8 ᠰᠠᠷ᠎ᠠ ᠶᠢᠨ 28      ᠤ ᠡᠳᠦᠷ᠂ 2023 ᠣᠨ ᠤ ᠨᠠᠮᠤᠷ ᠤᠨ ᠤᠯᠠᠷᠢᠯ ᠤᠨ  ᠰᠣᠷᠭᠠᠭᠤᠯᠢ ᠡᠬᠢᠯᠡᠬᠦ ᠰᠤᠷᠭᠠᠭᠤᠯᠢ ᠶᠢᠨ ᠵᠠᠬᠢᠷᠤᠯ ᠤᠨ ᠠᠵᠢᠯ ᠤᠨ ᠬᠤᠷᠠᠯ ᠳᠡᠭᠡᠷ᠎ᠡ᠂ ᠲᠣᠪᠴᠢᠶᠠᠨ ᠳᠠᠷᠤᠭ᠎ᠠ ᠵᠠᠩ ᠶᠦᠩ ᠱᠧᠩ᠂ ᠳᠡᠳ᠋ ᠲᠣᠪᠴᠢᠶᠠᠨ ᠳᠠᠷᠤᠭ᠎ᠠ ᠲᠦᠩ ᠬᠠᠶ ᠹᠤᠩ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠠᠴᠠ ᠡᠮᠦᠨ᠎ᠡ ᠪᠠ ᠳᠣᠤᠷ᠎ᠠ ᠬᠠᠭᠠᠰ ᠵᠢᠯ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠪᠥᠬᠦ ᠬᠤᠲᠠ ᠶᠢᠨ ᠡᠯ᠎ᠡ ᠰᠤᠷᠭᠠᠭᠤᠯᠢ ︵ᠬᠦᠷᠢᠶᠡᠯᠡᠩ︶ ᠶᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃      8 ᠰᠠᠷ᠎ᠠ ᠶᠢᠨ 29      ᠤ ᠡᠳᠦᠷ᠂ ᠡᠯ᠎ᠡ ᠰᠤᠷᠭᠠᠭᠤᠯᠢ ︵ᠬᠦᠷᠢᠶᠡᠯᠡᠩ︶ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠭᠤᠯᠵᠤ᠂ ᠰᠤᠷᠭᠠᠭᠤᠯᠢ ᠶᠢᠨ ᠵᠠᠬᠢᠷᠤᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠠᠭᠰᠢ ᠠᠵᠢᠯᠲᠠᠨ ᠢ ᠵᠣᠬᠢᠶᠠᠨ ᠪᠠᠶᠢᠭᠤᠯᠤᠨ ᠠᠮᠤᠷ ᠲᠦᠪᠰᠢᠨ ᠤ ᠪᠣᠯᠪᠠᠰᠤᠷᠠᠯ ᠥᠷᠨᠢᠭᠦᠯᠪᠡ᠃ ᠰᠤᠷᠭᠠᠨ ᠬᠥᠮᠦᠵᠢᠯ ᠤᠨ ᠲᠣᠪᠴᠢᠶ᠎ᠠ ᠠᠴᠠ ᠡᠯ᠎ᠡ ᠰᠤᠷᠭᠠᠭᠤᠯᠢ ᠶᠢᠨ ᠰᠤᠷᠤᠯᠭ᠎ᠠ ᠡᠬᠢᠯᠡᠬᠦ ᠠᠮᠤᠷ ᠲᠦᠪᠰᠢᠨ ᠤ ᠠᠵᠢᠯ ᠤᠨ ᠪᠡᠯᠡᠳᠬᠡᠯ ᠢ ᠲᠣᠬᠢᠶᠠᠯᠳᠤᠯ ᠢᠶᠠᠷ ᠬᠢᠨᠠᠨ ᠵᠢᠯᠣᠭᠤᠳᠴᠤ ᠪᠠᠶᠢᠴᠠᠭᠠᠪᠠ᠃8 ᠰᠠᠷ᠎ᠠ ᠶᠢᠨ 30      ᠤ ᠡᠳᠦᠷ ᠠᠴᠠ 9 ᠰᠠᠷ᠎ᠠ ᠶᠢᠨ 2      ᠤᠨ ᠡᠳᠦᠷ ᠪᠣᠯᠲᠠᠯ᠎ᠠ᠂ ᠡᠯ᠎ᠡ ᠰᠤᠷᠭᠠᠭᠤᠯᠢ ︵ᠬᠦᠷᠢᠶᠡᠯᠡᠩ︶ ᠶᠢᠨ ᠠᠮᠤᠷ ᠲᠦᠪᠰᠢᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠢᠨ ᠰᠤᠷᠭᠠᠭᠤᠯᠢ ᠶᠢᠨ ᠬᠦᠷᠢᠶᠡᠨ ᠤ ᠤᠰᠤ ᠴᠠᠬᠢᠯᠭᠠᠨ ᠰᠢᠲᠠᠮᠠᠬᠠᠶ ᠬᠡᠶ᠂ ᠭᠠᠯ ᠤᠨᠲᠠᠷᠠᠭᠠᠬᠤ ᠲᠥᠬᠦᠭᠡᠷᠦᠮᠵᠢ᠂ ᠪᠠᠶᠢᠷᠢ ᠶᠢᠨ ᠬᠡᠷ᠂ ᠬᠤᠭᠤᠯᠠᠨ ᠬᠡᠷ᠂ ᠵᠢᠭᠠᠨ ᠰᠤᠷᠭᠠᠯᠲᠠ ᠶᠢᠨ ᠲᠠᠯᠠᠪᠤᠷ ᠭᠠᠵᠠᠷ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠤᠨ ᠲᠥᠬᠦᠭᠡᠷᠦᠮᠵᠢ᠂ ᠠᠶᠤᠯᠲᠠᠶ ᠬᠢᠮᠢ ᠶᠢᠨ ᠪᠣᠳᠠᠰ ᠤᠨ ᠬᠠᠮᠢᠶᠠᠷᠤᠯᠲᠠ᠂ ᠪᠠᠶᠢᠭᠤᠯᠵᠤ ᠪᠠᠶᠢᠭ᠎ᠠ ᠪᠠᠷᠢᠯᠭ᠎ᠠ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠵᠡᠷᠭᠡ ᠶᠢ ᠵᠢᠭᠰᠠᠭᠠᠨ ᠪᠠᠶᠢᠴᠠᠭᠠᠵᠤ᠂ ᠬᠡᠮ ᠰᠣᠭᠤᠭ ᠢ ᠣᠯᠵᠤ ᠮᠡᠳᠡᠪᠡᠯ ᠴᠠᠭ ᠲᠤᠬᠠᠶ ᠳᠤᠨᠢ ᠴᠡᠭᠴᠡᠯᠡᠨ ᠵᠠᠰᠠᠨ᠎ᠠ᠃      9 ᠰᠠᠷ᠎ᠠ ᠶᠢᠨ 1      ᠤ ᠡᠳᠦᠷ ᠪᠠ 3      ᠤ ᠡᠳᠦᠷ᠂ ᠡᠯ᠎ᠡ ᠰᠤᠷᠭᠠᠭᠤᠯᠢ ︵ᠬᠦᠷᠢᠶᠡᠯᠡᠩ︶ ᠲᠣᠰ ᠲᠣᠰ ᠰᠦᠯᠵᠢᠶᠡᠨ ᠳᠡᠭᠡᠷ᠎ᠡ 2023 ᠣᠨ ᠤ ᠨᠠᠮᠤᠷ ᠤᠨ ᠤᠯᠠᠷᠢᠯ ᠤᠨ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠪᠠ ︽ᠠᠮᠤᠷ ᠲᠦᠪᠰᠢᠨ ᠤ ᠠᠩᠬᠠᠨ ᠤ ᠬᠢᠴᠢᠶᠡᠯ︾ ᠬᠤᠷᠠᠯᠳᠤᠭᠤᠯᠬᠤ ᠵᠡᠷᠭᠡ ᠬᠡᠯᠪᠡᠷᠢ ᠪᠠᠷ ᠵᠠᠮ ᠬᠠᠷᠢᠯᠴᠠᠭᠠᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠤᠰᠤᠨ ᠳᠤ ᠵᠢᠪᠬᠦ ᠶᠢ ᠰᠡᠷᠭᠡᠶᠢᠯᠡᠬᠦ᠂ ᠳᠣᠷᠣᠮᠵᠢᠯᠠᠬᠤ ᠶᠢ ᠰᠡᠷᠭᠡᠶᠢᠯᠡᠬᠦ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠬᠥᠮᠦᠵᠢᠯ ᠢ ᠥᠷᠨᠢᠭᠦᠯᠪᠡ᠃ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠨᠢ ᠪᠠᠰᠠ ᠪᠠᠶᠢᠷᠢ ᠳᠤ ᠰᠠᠭᠤᠬᠤ ᠰᠤᠷᠤᠭᠴᠢᠳ ᠲᠤ ᠠᠮᠤᠷ ᠲᠦᠪᠰᠢᠨ ᠤ ᠬᠥᠮᠦᠵᠢᠯ ᠬᠢᠵᠡᠶ᠃      ᠲᠠᠷᠠᠭᠠᠴᠢ ᠶᠢᠨ ᠠᠯᠬᠤᠮ ᠳᠤ᠂ ᠰᠤᠷᠭᠠᠨ ᠬᠥᠮᠦᠵᠢᠯ ᠤᠨ ᠲᠣᠪᠴᠢᠶ᠎ᠠ ᠲᠤᠰᠬᠠᠶ ᠰᠢᠪᠠᠳᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠡᠯ᠎ᠡ ᠰᠤᠷᠭᠠᠭᠤᠯᠢ ︵ᠬᠦᠷᠢᠶᠡᠯᠡᠩ︶ ᠳᠤ ᠭᠦᠨᠵᠡᠭᠡᠶᠢᠷᠡᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠲᠣᠤᠷ ᠢ ᠨᠢᠭᠲᠠ ᠪᠥᠭᠡᠳ ᠪᠠᠲᠤ ᠪᠠᠬᠢ ᠰᠦᠯᠵᠢᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ