ᠬᠤᠲᠠ ᠶᠢᠨ ᠨᠣᠮ ᠤᠨ ᠰᠠᠩ ᠬᠡᠷ ᠲᠡᠭᠡᠨ ᠬᠤᠴᠣᠷᠤᠭᠰᠠᠨ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠬᠦᠰᠡᠯ ᠢ  ᠪᠡᠶᠡᠯᠡᠭᠦᠯᠪᠡ
ᠨᠡᠶᠢᠲᠡᠯᠡᠭᠰᠡᠨ ᠴᠠᠭ᠄
2023/9/5
      ᠭᠠᠳᠠᠭᠰᠢ ᠭᠠᠷᠴᠤ ᠬᠥᠯᠥᠰᠥᠨ ᠠᠵᠢᠯ ᠬᠢᠬᠦ ᠬᠦᠮᠦᠨ‌ᠨᠡᠮᠡᠭᠳᠡᠬᠦ ᠶᠢ ᠳᠠᠭᠠᠯᠳᠤᠨ᠂ ᠤᠯᠠᠮ ᠠᠴᠠ  ᠣᠯᠠᠨ ᠬᠡᠤᠬᠡᠳ ᠬᠡᠷ ᠲᠡᠭᠡᠨ ᠬᠤᠴᠣᠷᠤᠭᠰᠠᠨ ᠬᠡᠤᠬᠡᠳ ᠪᠣᠯᠵᠣ   ᠬᠤᠪᠢᠷᠠᠭᠰᠠᠨ᠂ ᠡᠲᠡᠭᠡᠷ ᠬᠡᠤᠬᠡᠳ ᠶᠠᠭ ᠦᠰᠦᠨ ᠪᠤᠶᠢᠵᠢᠯᠲᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠡᠴᠢᠭᠡ ᠡᠬᠡ ᠨᠢ ᠳᠡᠷᠭᠡᠳᠡ ᠨᠢ ᠪᠠᠶᠢᠬᠤ ᠥᠬᠡᠶ ᠠᠴᠠ ᠪᠣᠯᠵᠤ ᠵᠣᠬᠢᠬᠤ ᠬᠡᠮᠵᠢᠶᠡᠨ ᠤ ᠬᠠᠶᠢᠷ᠎ᠠ ᠬᠠᠯᠠᠮᠵᠢ ᠪᠠᠷ ᠳᠤᠲᠠᠮᠠᠭ ᠪᠠᠶᠢᠵᠤ᠂ ᠬᠡᠤᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠵᠣᠬᠢᠬᠤ ᠬᠡᠮᠵᠢᠶᠡᠨ ᠤ ᠨᠥᠯᠥᠭᠡ ᠦᠵᠡᠭᠦᠯᠵᠦ ᠪᠠᠶᠢᠨ᠎ᠠ᠃ ᠵᠠᠯᠠᠨ ᠠᠶᠢᠯ ᠬᠤᠲᠠ ᠶᠢᠨ ᠨᠣᠮ ᠤᠨ ᠰᠠᠩ ᠶᠡᠭᠡ ᠬᠠᠶᠢᠷ᠎ᠠ ᠶᠢ ᠳᠠᠮᠵᠢᠭᠤᠯᠬᠤ ᠶᠢᠨ ᠲᠥᠯᠥᠭᠡ᠂ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠡᠢ᠃ ᠬᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠪᠠᠷ ᠴᠢᠷᠮᠠᠶᠢᠭᠰᠠᠭᠠᠷ ᠢᠷᠡᠭᠰᠡᠨ ᠪᠥᠭᠡᠳ ︽ᠬᠠᠶᠢᠷ᠎ᠠ ᠶᠢᠨ ᠬᠠᠨᠢ ᠪᠠᠨ ᠥᠰᠬᠡᠨ ᠪᠤᠶᠢᠵᠢᠭᠤᠯᠵᠤ᠂ ᠬᠦᠰᠡᠯ ᠢᠶᠠᠨ ᠪᠡᠶᠡᠯᠡᠭᠦᠯᠬᠦ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠥᠷᠨᠢᠭᠦᠯᠵᠦ᠂ ᠬᠡᠤᠬᠡᠳ ᠤᠳ ᠢ ᠬᠠᠪᠰᠤᠷᠤᠨ ᠰᠤᠷᠤᠯᠭ᠎ᠠ᠂ ᠠᠮᠢᠳᠤᠷᠠᠯ ᠤᠨ ᠳᠤᠮᠳᠠ ᠲᠤᠯᠭᠠᠷᠠᠭᠰᠠᠨ ᠪᠣᠳᠠᠲᠠᠶ ᠬᠦᠴᠢᠷᠳᠡᠯ ᠢ ᠨᠢ  ᠰᠢᠢᠳᠪᠣᠷᠢᠯᠡᠵᠦ᠂ ᠲᠡᠳᠡᠨ ᠤ ᠥᠴᠦᠬᠡᠨ ᠬᠦᠰᠡᠯ ᠢ ᠨᠢ ᠪᠡᠶᠡᠯᠡᠭᠦᠯᠪᠡ᠃ᠡᠳᠡᠭᠡᠷ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠦᠰᠡᠯ ᠡᠷᠡᠮᠡᠯᠵᠡᠯ ᠢ ᠰᠤᠷᠪᠤᠯᠵᠢᠯᠠᠵᠤ᠂ ᠲᠡᠳᠡᠨ ᠤ ᠬᠦᠰᠡᠯ ᠡᠷᠡᠮᠡᠯᠵᠡᠯ ᠢ ᠴᠤᠭᠯᠠᠭᠤᠯᠬᠤ ᠦᠶ᠎ᠡ ᠳᠤ᠂ ᠬᠡᠳᠦ᠋ᠢᠪᠡᠷ ᠲᠡᠳᠡᠨ ᠤ ᠬᠦᠰᠡᠯ ᠡᠷᠡᠮᠡᠯᠵᠡᠯ ᠨᠢ ᠲᠤᠩ ᠪᠠᠭ᠎ᠠ ᠪᠣᠯᠪᠠᠴᠤ ᠡᠳᠡᠭᠡᠷ ᠬᠡᠦᠬᠡᠳ ᠤᠨ ᠳᠣᠲᠣᠭᠠᠳᠤ ᠰᠡᠳᠬᠢᠯ ᠤᠨ ᠴᠢᠩ ᠰᠡᠳᠬᠢᠯ ᠤᠨ ᠬᠦᠰᠡᠯ ᠡᠷᠡᠮᠡᠯᠵᠡᠯ ᠢ ᠢᠯᠡᠳᠬᠡᠳᠡᠭ᠃      ᠨᠢᠭᠡ ᠨᠢᠭᠡ︽ᠥᠴᠦᠬᠡᠨ ᠬᠦᠰᠡᠯ︾ ᠨᠢ  ᠬᠦᠰᠡᠯ ᠵᠡᠭᠦᠳᠦ ᠢᠶᠠᠨ ᠲᠠᠭᠠᠳᠭᠠᠭᠰᠠᠨ ᠬᠦᠮᠥᠰ ᠤᠨ ᠰᠡᠳᠭᠢᠯ  ᠤᠨ ᠳᠣᠲᠣᠭᠠᠳᠣ ᠶᠢᠨ ᠬᠠᠶᠢᠷ᠎ᠠ ᠬᠠᠯᠠᠮᠵᠢ ᠶᠢ  ᠢᠯᠡᠳᠭᠡᠪᠡ ᠃  ᠦᠨᠡᠨ ᠳᠡᠭᠡᠨ ᠬᠡᠦᠬᠡᠳ ᠤᠳ ᠤᠨ ᠬᠦᠰᠡᠯ ᠪᠦᠷ ᠳᠥᠭᠦᠮᠬᠡᠨ ᠶᠤᠮ᠂ ᠲᠡᠳᠡᠨ ᠤ ᠵᠠᠷᠢᠮ ᠨᠢ ᠳᠦᠷᠪᠡᠨ ᠶᠡᠭᠡ ᠨᠡᠷᠡᠲᠦ ᠪᠦᠲᠦᠭᠡᠯ ᠢ ᠬᠦᠰᠡᠵᠦ᠂ ᠵᠠᠷᠢᠮ ᠨᠢ ᠰᠤᠷᠤᠯᠭ᠎ᠠ ᠶᠢᠨ ᠬᠡᠷᠡᠭᠰᠡᠯ ᠢ ᠬᠦᠰᠡᠳᠡᠭ᠃      2023 ᠣᠨ ᠤ 8 ᠰᠠᠷ᠎ᠠ ᠶᠢᠨ 31      ᠤ ᠡᠳᠦᠷ ᠪᠢᠳᠡ ᠨᠠᠮ ᠪᠠ ᠣᠯᠠᠨ ᠲᠦᠮᠡᠨ ᠤ ᠲᠥᠪ ᠭᠡᠬᠦ ᠡᠨᠡ ᠬᠦ ᠲᠠᠪᠴᠠᠩ ᠢ ᠠᠰᠢᠭᠯᠠᠨ ᠰᠢᠩ ᠬᠤᠸᠠ ᠪᠠᠭ᠎ᠠ ᠰᠤᠷᠭᠠᠭᠤᠯᠢ ᠶᠢᠨ 6 ᠬᠡᠤᠬᠡᠳ ᠲᠤ ᠪᠢᠴᠢᠭ ᠤᠨ ᠪᠣᠭᠴᠣ᠂ ᠲᠡᠮᠳᠡᠭᠯᠡᠯ ᠤᠨ ᠳᠡᠪᠲᠡᠷ᠂ ᠳᠤᠭᠲᠤᠢ᠂ ᠭᠤᠮ᠂ ᠪᠠᠯᠠᠯᠤᠨ ᠵᠠᠰᠠᠬᠤ ᠪᠦᠰᠡ ᠵᠡᠷᠭᠡ ᠰᠣᠶᠣᠯ ᠰᠤᠷᠤᠯᠴᠠᠬᠤ ᠪᠠᠭᠠᠵᠢ ᠬᠡᠷᠡᠭᠰᠡᠯ ᠬᠠᠨᠳᠢᠪᠯᠠᠵᠤ᠂ ᠲᠡᠳᠡᠨ ᠤ ᠥᠴᠦᠬᠡᠨ ᠬᠦᠰᠡᠯ ᠢ ᠪᠡᠶᠡᠯᠡᠭᠦᠯᠵᠦ᠂ ᠬᠡᠤᠬᠡᠳ ᠤᠳ ᠲᠤ ᠡᠳ᠋ ᠪᠣᠳᠠᠰ ᠤᠨ ᠲᠠᠯ᠎ᠠ ᠪᠠᠷ ᠬᠢ ᠬᠠᠶᠢᠷ᠎ᠠ ᠬᠠᠯᠠᠮᠵᠢ ᠬᠦᠷᠲᠡᠭᠡᠪᠡ᠃ ᠬᠥᠳᠡᠯᠭᠡᠭᠡᠨ ᠤ ᠳᠤᠮᠳᠠ᠂ 6 ᠬᠡᠦᠬᠡᠳ ᠬᠥᠳᠡᠯᠭᠡᠭᠡᠨ ᠤ ᠦᠷᠦᠭᠡ ᠶᠢ ᠲᠣᠭᠤᠷᠢᠨ ᠰᠠᠭᠤᠵᠤ᠂ ᠨᠢᠯᠬᠠᠰᠠᠭ ᠴᠢᠷᠠᠢ ᠳᠤᠨᠢ ᠬᠦᠰᠡᠯ ᠡᠷᠡᠮᠡᠯᠵᠡᠯ ᠢᠶᠠᠷ ᠪᠢᠯᠬᠠᠨ᠎ᠠ᠃ ᠨᠣᠮ ᠤᠨ ᠰᠠᠩ ᠤᠨ ᠠᠵᠢᠯᠲᠠᠳ ᠨᠠᠷᠢᠨ ᠨᠢᠮᠪᠠᠶ ᠪᠡᠯᠡᠳᠬᠡᠭᠰᠡᠨ ᠨᠣᠮ ᠪᠢᠴᠢᠭ ᠪᠣᠯᠤᠨ ᠰᠣᠶᠣᠯ ᠤᠨ ᠬᠡᠷᠡᠭᠰᠡᠯ ᠢᠶᠠᠨ ᠨᠢᠭᠡ ᠨᠢᠭᠡ ᠪᠠᠷ ᠬᠡᠦᠬᠡᠳ ᠤᠳ ᠲᠤ ᠲᠦᠭᠡᠭᠡᠨ ᠥᠭᠴᠡᠶ᠃ ᠤᠳᠠᠲᠠᠯ᠎ᠠ ᠪᠤᠳᠤᠭᠰᠠᠨ ᠨᠣᠮ ᠪᠢᠴᠢᠭ᠂ ᠤᠳᠠᠲᠠᠯ᠎ᠠ ᠦᠵᠡᠵᠦ ᠲᠣᠭᠤᠭᠰᠠᠨ ᠪᠣᠭᠴᠣ ᠁ ᠬᠡᠦᠬᠡᠳ ᠤᠳ ᠬᠦᠰᠡᠭᠡᠳ ᠤᠳᠠᠭᠰᠠᠨ ᠥᠴᠦᠬᠡᠨ ᠬᠦᠰᠡᠯ ᠤᠨ ᠪᠡᠯᠡᠭ ᠢ ᠣᠯᠵᠤ ᠦᠵᠡᠬᠦ ᠳᠤ᠂ ᠪᠠᠶᠠᠷᠯᠠᠨ ᠪᠠᠶᠠᠷᠯᠠᠭᠰᠠᠨ ᠢᠨᠢᠶᠡᠮᠰᠦᠭᠯᠡᠯ ᠨᠢᠯᠬ᠎ᠠ ᠴᠢᠷᠠᠢ ᠪᠠᠷ ᠪᠢᠯᠬᠠᠨ᠎ᠠ᠃ ᠨᠣᠮ ᠤᠨ ᠰᠠᠩ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠪᠢᠴᠢᠯ ᠬᠦᠰᠡᠯ ᠤᠨ ᠠᠵᠢᠯᠯᠠᠭ᠎ᠠ ᠥᠷᠨᠢᠭᠦᠯᠬᠦ ᠶᠢᠨ ᠠᠴᠢ ᠬᠤᠯᠪᠣᠭᠳᠠᠯ ᠨᠢ ᠵᠥᠪᠬᠡᠨ ᠡᠨᠡ ᠬᠡᠳᠦᠨ ᠥᠴᠦᠬᠡᠨ ᠪᠡᠯᠡᠭ ᠲᠡᠳᠦᠶ ᠪᠢᠰᠢ᠂ ᠬᠠᠷᠢᠨ ᠨᠣᠮ ᠤᠨ ᠰᠠᠩ ᠤᠨ ᠡᠲᠡᠭᠡᠷ ᠬᠦᠴᠢᠷᠳᠡᠯ ᠳᠤ ᠲᠤᠯᠭᠠᠷᠠᠭᠰᠠᠨ ᠬᠡᠤᠬᠡᠳ ᠲᠤ ᠬᠠᠨᠳᠤᠭᠤᠯᠤᠭᠰᠠᠨ ᠬᠠᠶᠢᠷ᠎ᠠ ᠬᠠᠯᠠᠮᠵᠢ ᠶᠢ ᠢᠯᠡᠷᠡᠭᠦᠯᠵᠦ ᠪᠠᠶᠢᠳᠠᠭ᠂ ᠪᠢᠳᠡ ᠨᠠᠩ ᠣᠯᠠᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠠᠵᠢᠯᠯᠠᠭ᠎ᠠ ᠳᠤ ᠣᠷᠣᠯᠴᠠᠬᠤ ᠶᠢ ᠰᠠᠨᠠᠭᠠᠴᠢᠯᠠᠨ᠎ᠠ᠃ ᠪᠢᠴᠢᠯ ᠬᠦᠰᠡᠯ ᠳᠠᠭᠤᠰᠤᠭᠰᠠᠨ ᠤ ᠳᠠᠷᠠᠭ᠎ᠠ᠂ ᠨᠣᠮ ᠤᠨ ᠰᠠᠩ ᠤᠨ ᠠᠵᠢᠯᠲᠠᠳ ᠬᠡᠦᠬᠡᠳ ᠤᠳ ᠢᠶᠠᠨ ᠳᠠᠭᠠᠭᠤᠯᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ ᠤᠯᠠᠭᠠᠨ ᠺᠢᠨᠣ᠋ ᠲᠢᠶᠠᠲᠷ ᠲᠤ ᠺᠢᠨᠣ᠋ ᠦᠵᠡᠵᠦ᠂ ᠬᠡᠦᠬᠡᠳ ᠤᠳ ᠲᠤ ᠬᠠᠯᠠᠭᠤᠨ ᠳᠤᠯᠠᠭᠠᠨ ᠪᠠ ᠬᠠᠶᠢᠷ᠎ᠠ ᠬᠠᠯᠠᠮᠵᠢ ᠶᠢ ᠬᠦᠷᠲᠡᠭᠡᠭᠰᠡᠨ ᠪᠥᠭᠡᠳ ᠬᠡᠦᠬᠡᠳ ᠤᠳ ᠢ ᠰᠡᠳᠬᠢᠯ ᠰᠠᠨᠠᠭ᠎ᠠ ᠪᠠ ᠪᠡᠶ᠎ᠡ ᠰᠡᠳᠬᠢᠯ ᠤᠨ ᠲᠠᠯ᠎ᠠ ᠪᠠᠷ ᠠᠭᠤᠵᠢᠷᠠᠭᠤᠯᠤᠭᠰᠠᠨ ᠪᠠᠶᠢᠨ᠎ᠠ᠃       ᠨᠣᠮ ᠤᠨ ᠰᠠᠩ ᠨᠡᠶᠢᠭᠡᠮ ᠤᠨ ᠡᠬᠢ ᠪᠠᠶᠠᠯᠢᠭ ᠲᠤ ᠲᠦᠰᠢᠭᠯᠡᠨ᠂ ᠬᠡᠷ ᠲᠡᠭᠡᠨ ᠬᠤᠴᠣᠷᠤᠭᠰᠠᠨ ᠬᠦᠴᠢᠷᠳᠡᠯ ᠲᠠᠢ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠪᠠᠷ ᠵᠣᠷᠢᠯᠲᠠ ᠪᠣᠯᠭᠠᠵᠤ᠂ ᠬᠡᠷ ᠲᠡᠭᠡᠨ ᠬᠤᠴᠣᠷᠤᠭᠰᠠᠨ ᠬᠡᠤᠬᠡᠳ ᠢ ᠬᠠᠪᠰᠤᠷᠤᠨ ᠬᠦᠴᠢᠷᠳᠡᠯ ᠠᠴᠠ ᠠᠩᠭᠢᠵᠢᠷᠠᠭᠤᠯᠵᠤ᠂ ᠥᠴᠦᠬᠡᠨ ᠲᠡᠳᠦᠶ ᠬᠦᠰᠡᠯ ᠡᠷᠡᠮᠡᠯᠵᠡᠯ ᠢ ᠪᠡᠶᠡᠯᠡᠭᠦᠯᠬᠦ ᠪᠠᠷ ᠡᠭᠦᠷᠭᠡ ᠪᠣᠯᠭᠠᠨ᠂ ︽ᠦᠨᠡᠨ ᠰᠡᠳᠬᠢᠯᠭᠡ ᠪᠠᠷ ᠠᠵᠢᠯᠯᠠᠬᠤ᠂ ᠪᠣᠳᠠᠲᠠᠶ ᠠᠷᠭ᠎ᠠ ᠪᠤᠳᠤᠬᠤ᠂ ᠪᠣᠳᠠᠲᠠᠶ ᠠᠵᠢᠯ ᠬᠢᠬᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ︾ ᠵᠠᠷᠴᠢᠮ ᠶᠣᠰᠣᠭᠠᠷ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠨᠡᠶᠢᠭᠡᠮ ᠤᠨ ᠬᠦᠴᠦᠨ ᠢ ᠳᠠᠶᠢᠴᠢᠯᠠᠨ ᠬᠡᠷ ᠲᠡᠭᠡᠨ ᠬᠤᠴᠣᠷᠤᠭᠰᠠᠨ ᠬᠦᠴᠢᠷᠳᠡᠯ ᠲᠠᠢ ᠬᠡᠤᠬᠡᠳ ᠢ ᠬᠠᠮᠲᠤᠪᠠᠷ ᠬᠠᠯᠠᠮᠵᠢᠯᠠᠨ ᠬᠠᠶᠢᠷᠠᠯᠠᠵᠤ᠂ ᠲᠡᠳᠡᠨ ᠳᠤ ᠬᠠᠶᠢᠷ᠎ᠠ ᠬᠠᠯᠠᠮᠵᠢ ᠬᠦᠷᠭᠡᠬᠦ ᠳᠤ ᠬᠦᠰᠡᠯ ᠡᠷᠡᠮᠡᠯᠵᠡᠯ ᠣᠯᠭᠤᠨ᠎ᠠ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ