ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠠᠴᠠ ︽ᠪᠠᠶᠠᠷ ᠪᠠᠶᠠᠰᠤᠯ ᠪᠠ ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠤ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/5
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠶ ᠱᠦᠵᠢ ᠶᠢᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠠᠤᠯᠢ ᠪᠠᠷ ᠵᠠᠰᠠᠬᠤ ᠤᠯᠠᠭᠠᠨᠮᠥ᠋ᠴᠢᠷ︾ ᠤᠨ ᠬᠠᠤᠯᠢ ᠲᠦᠭᠡᠮᠡᠯᠵᠢᠭᠦᠯᠬᠦ ᠨᠠᠷᠠᠲᠤ ᠲᠡᠮᠳᠡᠭᠲᠦ ᠶᠢ ᠬᠦᠴᠦᠷᠬᠡᠭᠵᠢᠭᠦᠯᠵᠦ᠂ 9 ᠰᠠᠷ᠎ᠠ ᠶᠢᠨ 1      ᠤ ᠡᠳᠦᠷ᠂ ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ  ᠴᠢᠩᠭᠢᠰ ᠤᠨ ᠪᠠᠯᠭᠠᠰᠤᠨ ᠳᠤ  ᠬᠦᠷᠴᠦ᠂ ︽ᠪᠠᠶᠠᠷ ᠪᠠᠶᠠᠰᠤᠯ ᠪᠠ ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠤ ᠦᠢᠯᠡᠴᠢᠯᠡᠭᠡᠨ ᠠᠵᠢᠯᠯᠠᠭ᠎ᠠ ᠥᠷᠨᠢᠭᠦᠯᠪᠡ᠃      ᠲᠣᠭᠯᠠᠯᠲᠠ ᠶᠢᠨ ᠠᠵᠢᠯᠯᠠᠭ᠎ᠠ ᠳᠤ ᠳᠠᠭᠤᠤ ᠪᠥᠵᠢᠭ᠂  ᠠᠶᠢᠵᠢᠮ᠂ ᠪᠥᠵᠢᠭ ᠵᠡᠷᠭᠡ 14 ᠤᠷᠠᠨ ᠰᠠᠶᠢᠬᠠᠨ ᠤ ᠲᠣᠭᠯᠠᠯᠲᠠ ᠶᠢ ᠲᠣᠭᠯᠠᠵᠤ᠂ ᠲᠠᠶᠢᠰᠠᠨ ᠳᠡᠭᠡᠷᠡᠬᠢ ᠲᠣᠭᠯᠠᠭᠴᠢᠳ ᠪᠦᠬᠦ ᠰᠡᠳᠬᠢᠯ ᠢᠶᠠᠷ ᠢᠶᠠᠨ ᠣᠷᠣᠯᠴᠠᠵᠤ᠂ ᠲᠠᠶᠢᠰᠠᠨ ᠳᠣᠣᠷᠠᠬᠢ ᠦᠵᠡᠭᠴᠢᠳ ᠴᠦ ᠤᠷᠮ᠎ᠠ ᠪᠠᠬ᠎ᠠ ᠲᠠᠢ ᠰᠣᠨᠢᠷᠬᠠᠵᠤ᠂ ᠠᠯᠠᠭ᠎ᠠ ᠲᠠᠰᠢᠯᠳᠠ ᠶᠢᠨ ᠲᠠᠭᠤᠨ ᠨᠢᠵᠢᠭᠢᠨᠡᠲᠡᠯ᠎ᠡ  ᠳᠠᠭᠤᠷᠢᠰᠤᠪᠠ᠃ᠲᠣᠭᠯᠠᠯᠲᠠ ᠭᠠᠷᠭᠠᠬᠤ ᠶᠠᠪᠤᠴᠠ ᠳᠤ᠂ ᠤᠯᠠᠭᠠᠨᠮᠥ᠋ᠴᠢᠷ ᠤᠨ ᠭᠡᠰᠢᠭᠦᠳ ︽ᠬᠠᠤᠯᠢ ᠪᠠᠷ ᠵᠠᠰᠠᠬᠤ ᠤᠯᠠᠭᠠᠨᠮᠥ᠋ᠴᠢᠷ︾ ᠤᠨ ᠬᠠᠤᠯᠢ ᠲᠦᠭᠡᠮᠡᠯᠵᠢᠭᠦᠯᠬᠦ ᠰᠢᠷᠢᠰ ᠠᠵᠢᠯᠯᠠᠭ᠎ᠠ ᠳᠤ ︽ᠦᠨᠡᠨ ᠬᠠᠭᠤᠷᠮᠠᠭ ᠦᠷ᠎ᠡ ᠬᠡᠤᠬᠡᠳ︾ ᠢ ᠨᠠᠷᠢᠨ ᠨᠢᠮᠪᠠᠶ ᠵᠣᠬᠢᠶᠠᠨ ᠪᠦᠲᠦᠭᠡᠵᠡᠶ ᠃ ᠱᠤᠭ ᠵᠦᠴᠦᠭᠡ ᠨᠢ ᠨᠠᠰᠤᠲᠠᠶ ᠬᠥᠮᠦᠨ᠂ ᠬᠠᠭᠤᠷᠮᠠᠭ ᠥᠬᠢᠨ ᠪᠠ ᠵᠢᠩᠬᠢᠨᠢ ᠬᠦᠤ ᠶᠢᠨ ᠥᠯᠢᠭᠡᠷ ᠢ ᠶᠠᠷᠢᠬᠤ ᠪᠠᠷ ᠳᠡᠮᠵᠢᠨ᠂ ᠨᠠᠰᠤᠲᠠᠶᠢᠴᠤᠳ ᠢ ᠲᠠᠨᠢᠬᠤ ᠥᠬᠡᠶ ᠬᠥᠮᠦᠨ ᠢ ᠪᠢᠲᠡᠭᠡᠶ ᠢᠲᠡᠭᠡᠭᠡᠷᠡᠶ ᠭᠡᠵᠦ ᠰᠤᠷᠭᠠᠬᠤ ᠶᠢᠨ ᠬᠠᠮᠲᠤ ᠵᠠᠯᠠᠭᠤ ᠬᠥᠮᠦᠰ ᠢ ᠡᠴᠢᠭᠡ ᠡᠬᠡ ᠶᠢᠨ ᠢᠶᠠᠨ ᠠᠮᠢᠳᠤᠷᠠᠯ ᠢ ᠢᠯᠡᠭᠦᠬᠡᠨ ᠬᠠᠯᠠᠮᠵᠢᠯᠠᠨ ᠬᠠᠨᠢ ᠪᠣᠯᠵᠣ᠂ ᠲᠤᠬᠠᠶ ᠶᠢᠨ ᠲᠠᠯᠠᠪᠤᠷ ᠤᠨ ᠦᠵᠡᠭᠴᠢᠳ ᠤᠨ ᠬᠠᠮᠲᠤ ᠶᠢᠨ ᠬᠠᠶᠢᠷ᠎ᠠ ᠬᠠᠯᠠᠮᠵᠢ ᠪᠠ ᠥᠷᠭᠡᠨ   ᠤᠯᠠᠨ ᠰᠠᠶᠢᠨ ᠦᠨᠡᠯᠡᠯᠲᠡ ᠶᠢ ᠤᠯᠬᠤ ᠬᠡᠷᠡᠭᠲᠡᠶ ᠭᠡᠵᠦ ᠤᠷᠢᠶᠠᠯᠠᠵᠠᠶ᠃      ᠡᠭᠦᠨ ᠤ ᠵᠡᠷᠭᠡ ᠳᠤ᠂ ︽ᠬᠠᠤᠯᠢ ᠪᠠᠷ ᠵᠠᠰᠠᠬᠤ ᠤᠯᠠᠭᠠᠨᠮᠥ᠋ᠴᠢᠷ︾ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠲᠤᠬᠠᠶ ᠶᠢᠨ ᠲᠠᠯᠠᠪᠠᠶ ᠶᠢᠨ ᠦᠵᠡᠭᠴᠢᠳ ᠲᠤ ᠢᠷᠭᠡᠨ ᠤ ᠬᠠᠤᠯᠢ ᠶᠢᠨ ᠪᠢᠴᠢᠭ᠂ ᠦᠨᠳᠦᠰᠦᠲᠡᠨ ᠤ ᠪᠦᠯᠬᠦᠮᠳᠡᠯ ᠤᠨ ᠭᠠᠷ ᠳᠡᠪᠲᠡᠷ ᠵᠡᠷᠭᠡ ᠬᠠᠤᠯᠢ ᠪᠠᠷ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠪᠣᠯᠤᠨ ᠬᠠᠤᠯᠢ ᠲᠦᠭᠡᠮᠡᠯᠵᠢᠭᠦᠯᠬᠦ ᠠᠮᠢᠳᠤᠷᠠᠯ ᠤᠨ ᠬᠡᠷᠡᠭᠰᠡᠯ ᠢ ᠲᠦᠭᠡᠭᠡᠨ ᠥᠭᠴᠡᠶ᠃ ᠨᠠᠮ ᠤᠨ ᠣᠨᠣᠯ ᠴᠢᠭᠯᠡᠯᠲᠡ  ᠤᠨ ᠲᠥᠷᠥ ᠶᠢᠨ ᠪᠣᠳᠣᠯᠭ᠎ᠠ᠂ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ ᠢᠷᠭᠡᠨ ᠤ ᠬᠠᠤᠯᠢ ᠶᠢᠨ ᠪᠢᠴᠢᠭ ᠲᠠᠬᠢ ᠨᠠᠰᠤᠲᠠᠶᠢᠴᠤᠳ ᠤᠨ ᠡᠷᠬᠡ ᠠᠰᠢᠭ ᠤᠨ ᠪᠠᠲᠤᠯᠠᠭ᠎ᠠ᠂ ᠣᠷᠤᠭ ᠤᠨ ᠬᠠᠤᠯᠢ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠠᠷᠠᠳ ᠣᠯᠠᠨ ᠢ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ ᠬᠠᠤᠯᠢ ᠪᠠᠷ ᠵᠠᠰᠠᠬᠤ ᠦᠵᠡᠯᠲᠡ ᠶᠢ ᠨᠢ ᠴᠢᠩᠭᠠᠷᠠᠭᠤᠯᠵᠤ᠂ ᠬᠠᠤᠯᠢ ᠰᠤᠷᠬᠤ ᠬᠠᠯᠠᠭᠤᠨ ᠰᠡᠳᠬᠢᠯᠭᠡ ᠶᠢ ᠨᠢ ᠬᠥᠭᠵᠢᠭᠡᠪᠡ᠃      ᠲᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠤᠳ ᠦᠷᠭᠦᠯᠵᠢᠯᠡᠨ ᠬᠠᠤᠯᠢ ᠪᠠᠷ ᠵᠠᠰᠠᠬᠤ ᠪᠠ ᠰᠣᠶᠣᠯ ᠤᠨ ᠬᠤᠷᠰᠢᠯᠴᠠᠭ᠎ᠠ᠂ ᠲᠣᠭᠯᠠᠭᠴᠢ ᠪᠠ ᠣᠯᠠᠨ ᠲᠦᠮᠡᠨ ᠤ ᠣᠷᠣᠯᠴᠠᠯᠭ᠎ᠠ᠂ ᠤᠬᠠᠭᠤᠯᠭ᠎ᠠ ᠪᠠ  ᠦᠢᠯᠡᠳᠦᠯᠭᠡ ᠶᠢᠨ ᠤᠶᠠᠯᠳᠤᠯ ᠢᠶᠠᠷ ᠳᠠᠮᠵᠢᠭᠤᠯᠤᠨ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠪᠠ ᠣᠯᠠᠨ ᠲᠦᠮᠡᠨ ᠤ ᠰᠣᠶᠣᠯ ᠤᠨ ᠠᠮᠢᠳᠤᠷᠠᠯ ᠤᠨ ᠤᠶᠠᠯᠳᠤᠯ ᠤᠨ ᠭᠦᠨᠴᠡ ᠪᠠ ᠥᠷᠭᠡᠴᠡ ᠶᠢ ᠪᠦᠲᠦᠮᠵᠢᠲᠡᠶ ᠥᠷᠭᠡᠳᠬᠡᠵᠦ᠂ ᠰᠢᠨ᠎ᠡ ᠴᠠᠭ ᠦᠶ᠎ᠡ ᠶᠢᠨ ᠪᠥᠬᠦ ᠠᠷᠠᠳ ᠢᠶᠠᠷ ᠢᠶᠠᠨ ᠬᠠᠤᠯᠢ ᠶᠢ ᠰᠠᠬᠢᠵᠤ ᠬᠠᠤᠯᠢ ᠶᠢ ᠲᠦᠭᠡᠮᠡᠯᠵᠢᠭᠦᠯᠬᠦ ᠮᠠᠭᠲᠠᠭᠠᠯ ᠳᠠᠭᠤᠤ ᠶᠢ ᠬᠠᠩᠭᠢᠨᠠᠭᠤᠯᠤᠨ᠎ᠠ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ