ᠵᠠᠯᠠᠨ ᠠᠶᠢᠯ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ‍ᠤᠨ‌ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ︽ᠮᠥᠰᠥ ᠴᠠᠰᠤᠨ ᠤ ᠰᠠᠶᠢᠬᠠᠨ ᠵᠢᠯ  ᠳᠤ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ‌ᠢ ᠪᠠᠶᠠᠷᠯᠠᠨ ᠤᠭᠲᠤᠬᠤ︾ ᠠᠵᠢᠯᠲᠠᠨ ᠠᠵᠢᠯᠴᠢᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠥᠷᠨᠢᠭᠦᠯᠪᠡ
ᠨᠡᠶᠢᠲᠡᠯᠡᠭᠰᠡᠨ ᠴᠠᠭ᠄
2024/1/10
    ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠪᠠᠶᠠᠷᠯᠠᠨ ᠤᠭᠲᠤᠵᠤ᠂ ᠺᠠᠲᠡᠷ ᠠᠵᠢᠯᠲᠠᠨ ᠤ ᠪᠡᠶ᠎ᠡ ᠮᠠᠬᠠᠪᠣᠳ ᠢ ᠤᠯᠠᠮ ᠨᠢᠭᠡ ᠠᠯᠬᠤᠮ ᠴᠢᠭᠢᠷᠠᠭᠵᠢᠭᠤᠯᠤᠨ᠂ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠬᠥᠭᠵᠢᠭᠡᠬᠦ ᠶᠢᠨ ᠲᠥᠯᠥᠭᠡ᠂ ᠣᠶᠢᠷ᠎ᠠ ᠳᠤ᠂ ᠵᠠᠯᠠᠨ ᠠᠶᠢᠯ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠥᠪ ᠲᠤ ︽ᠮᠥᠰᠥ ᠴᠠᠰᠤᠨ ᠤ ᠰᠠᠶᠢᠬᠠᠨ ᠵᠢᠯ ᠳᠤ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ‍ᠦᠨ‌ᠤᠯᠠᠷᠢᠯ ‍ᠤᠨ‌‍ᠪᠡᠶ᠎ᠡ ᠵᠢᠨ‌‍ᠲ᠋ᠠᠮᠢᠷ ᠤᠨ ᠴᠤᠭᠯᠠᠭᠠᠨ ᠢ ᠪᠠᠶᠠᠷᠯᠠᠨ ᠤᠭᠲᠤᠬᠤ︾ ᠠᠵᠢᠯᠲᠠᠨ ᠠᠵᠢᠯᠴᠢᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠶᠠᠪᠤᠭᠤᠯᠪᠠ᠃    ᠲᠣᠰ ᠤᠳᠠᠭᠠᠨ ᠤ ᠠᠵᠢᠯᠯᠠᠭ᠎ᠠ ᠳᠤ 400 ᠮᠧᠲᠷ ᠤᠨ ᠭᠦᠶᠦᠬᠦ ᠤᠷᠤᠯᠳᠤᠭᠠᠨ᠂ 1 ᠮᠢᠨᠦ᠋ᠲ ᠤᠨ ᠳᠡᠭᠡᠰᠦ ᠬᠠᠷᠠᠶᠢᠯᠲᠠ ᠪᠠ ᠵᠣᠭᠰᠤᠭ᠎ᠠ ᠬᠤᠯᠠ ᠬᠠᠷᠠᠶᠢᠯᠲᠠ ᠶᠢᠨ ᠭᠤᠷᠪᠠᠨ ᠲᠠᠩ ᠵᠦᠢᠯ ᠤᠨ ᠤᠷᠤᠯᠳᠤᠭᠠᠨ ᠤ ᠠᠭᠤᠯᠭ᠎ᠠ ᠲᠠᠢ ᠪᠠᠶᠢᠵᠤ᠂ ᠱᠠᠩᠨᠠᠯ ᠤᠨ ᠵᠦᠢᠯ ᠳᠤ ᠨᠢᠭᠡᠳᠦᠭᠡᠷ ᠳᠡᠰ ᠤᠨ ᠱᠠᠩᠨᠠᠯ 1 ᠨᠡᠷ᠎ᠡ᠂ ᠬᠤᠶᠠᠳᠤᠭᠠᠷ ᠳᠡᠰ ᠤᠨ ᠱᠠᠩᠨᠠᠯ 1 ᠨᠡᠷ᠎ᠡ᠂ ᠭᠤᠷᠪᠠᠳᠤᠭᠠᠷ ᠳᠡᠰ ᠤᠨ ᠱᠠᠩᠨᠠᠯ 2 ᠨᠡᠷ᠎ᠡ ᠲᠣᠬᠢᠷᠠᠭᠤᠯᠵᠠᠶ᠃ ᠬᠢᠨᠠᠭᠴᠢ ᠶᠢᠨ ᠱᠦᠭᠯᠦ ᠳᠤᠤᠭᠠᠷᠬᠤ ᠶᠢ ᠳᠠᠭᠠᠯᠳᠤᠨ᠂ ᠺᠠᠲᠡᠷ ᠠᠵᠢᠯᠳᠠᠨ ᠠᠵᠢᠯᠴᠢᠨ ᠲᠠᠮᠢᠷ ᠤᠨ ᠲᠠᠯᠠᠪᠤᠷ ᠲᠤ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠲᠡᠮᠡᠴᠡᠯ ᠤᠨ ᠵᠣᠷᠢᠭ ᠪᠠᠳᠠᠷᠠᠩᠭᠤᠢ᠂ ᠤᠷᠤᠯᠳᠤᠭᠠᠨ ᠤ ᠬᠡᠪ ᠨᠠᠮᠪᠠ ᠲᠠᠢ᠂ ᠤᠷᠤᠯᠳᠤᠭᠠᠨ ᠤ ᠨᠥᠬᠦᠷᠯᠡᠯ ᠲᠠᠢ᠂ ᠤᠷᠤᠯᠳᠤᠭᠠᠨ ᠤ ᠬᠢᠷᠢ ᠲᠦᠪᠰᠢᠨ ᠲᠠᠢ ᠪᠤᠯᠵᠤ᠂ ᠠᠵᠢᠯᠳᠠᠨ ᠠᠵᠢᠯᠴᠢᠨ ᠤ ᠤᠷᠤᠯᠳᠤᠭᠠᠨ ᠤ ᠬᠠᠯᠠᠭᠤᠨ ᠰᠡᠳᠬᠢᠯᠭᠡ ᠪᠠ ᠨᠥᠬᠦᠷᠰᠡᠭ ᠢᠶᠠᠷ ᠬᠠᠷᠢᠯᠴᠠᠨ ᠬᠠᠪᠰᠤᠷᠤᠯᠴᠠᠵᠤ ᠪᠦᠯᠬᠦᠮᠳᠡᠨ ᠬᠠᠮᠵᠢᠯᠴᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃     ᠤᠷᠤᠯᠳᠤᠭᠠᠨ ᠤ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠨᠢᠭᠡ ᠬᠤᠶᠠᠷ ᠭᠤᠷᠪᠠᠳᠤᠭᠠᠷ ᠳᠡᠰ ᠤᠨ ᠱᠠᠩᠨᠠᠯ ᠭᠥᠷᠳᠡᠭᠰᠡᠨ ᠤᠷᠤᠯᠳᠤᠭᠠᠨ ᠳᠤ ᠣᠷᠣᠯᠴᠠᠭᠰᠠᠨ ᠠᠵᠢᠯᠲᠠᠨ ᠠᠵᠢᠯᠴᠢᠨ ᠳᠤ ᠲᠤᠰ ᠲᠤᠰ ᠱᠠᠩᠨᠠᠯ ᠣᠯᠭᠤᠨ᠎ᠠ᠃    ᠡᠨᠡ ᠤᠳᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢᠶᠠᠷ ᠳᠡᠮᠵᠢᠨ᠂ ᠺᠠᠲᠡᠷ ᠠᠵᠢᠯᠲᠠᠨ ᠠᠵᠢᠯᠴᠢᠨ ᠤ ᠪᠡᠶ᠎ᠡ ᠮᠠᠬᠠᠪᠣᠳ ᠢᠶᠠᠨ ᠳᠠᠪᠲᠠᠨ ᠪᠣᠯᠪᠠᠰᠤᠷᠠᠭᠤᠯᠬᠤ ᠶᠢᠨ ᠬᠠᠮᠲᠤ ᠡᠷᠴᠢ ᠵᠣᠷᠢᠭ ᠢᠶᠠᠨ ᠳᠠᠪᠲᠠᠨ ᠪᠣᠯᠪᠠᠰᠤᠷᠠᠭᠤᠯᠵᠤ᠂ ᠨᠥᠬᠦᠷᠯᠡᠯ ᠢᠶᠠᠨ ᠵᠤᠵᠠᠭᠠᠳᠬᠠᠵᠠᠶ᠃ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ