ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦᠬᠦ ᠵᠥᠪᠯᠡᠯ ︽ᠮᠢᠨᠦ ᠳᠡᠷᠭᠡᠳᠡᠬᠢ ᠰᠢᠨ᠎ᠡ ᠬᠤᠪᠢᠷᠠᠯᠲᠠ ᠶᠢ ᠦᠵᠡᠬᠦ︾ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/1/10
    ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠪᠣᠯᠤᠨ ᠰᠢ ᠶᠢᠨ ᠫᠢᠩ  ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠠᠴᠠ ᠨᠠᠰᠢᠬᠢ ᠵᠠᠯᠠᠨ ᠠᠶᠢᠯ ᠬᠤᠳᠠ ᠳᠤ ᠬᠥᠮᠦᠰ ᠤᠨ ᠠᠩᠬᠠᠷᠤᠯ ᠢ ᠲᠠᠲᠠᠭᠰᠠᠨ ᠬᠤᠪᠢᠷᠠᠯᠲᠠ ᠭᠠᠷᠤᠭᠰᠠᠨ ᠢ ᠭᠦᠨᠵᠡᠭᠡᠢ ᠣᠶᠢᠯᠠᠭᠠᠪᠠ᠃ ᠣᠶᠢᠷ᠎ᠠ ᠳᠤ᠂ ᠵᠠᠯᠠᠨ ᠠᠶᠢᠯ ᠬᠤᠲᠠ ᠶᠢᠨ ᠬᠢᠨ ︽ᠮᠢᠨᠦ ᠳᠡᠷᠭᠡᠳᠡᠬᠢ ᠰᠢᠨ᠎ᠡ ᠬᠤᠪᠢᠷᠠᠯᠲᠠ ᠶᠢ ᠦᠵᠡᠶ᠎ᠡ︾ ᠭᠡᠬᠦ ᠭᠤᠤᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠯᠠᠨ ᠠᠶᠢᠯ ᠬᠤᠲᠠ ᠶᠢᠨ ᠠᠨᠠᠷ ᠤᠨ ᠦᠷ᠎ᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠳ ᠪᠠ ᠬᠡᠰᠡᠭ ᠠᠵᠤ ᠠᠬᠤᠶᠢᠯᠠᠯ ᠤᠨ ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠢᠶᠠᠷ ᠲᠣᠭᠤᠷᠢᠨ ᠦᠵᠡᠭᠦᠯᠪᠡ᠃     ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠲᠤ᠂ ᠠᠵᠤ ᠠᠬᠤᠶᠢᠯᠠᠯ ᠤᠨ ᠡᠯ᠎ᠡ ᠦᠨᠳᠦᠰᠦᠲᠡᠨ ᠤ ᠠᠵᠢᠯᠲᠠᠨ ᠠᠵᠢᠯᠴᠢᠨ ᠪᠣᠯᠤᠨ ᠰᠠᠶᠢᠨ ᠳᠤᠷ᠎ᠠ ᠶᠢᠨ ᠭᠡᠰᠢᠭᠦᠳ ᠲᠤᠬᠠᠶ ᠶᠢᠨ ᠭᠠᠵᠠᠷ ᠤᠨ ᠤᠨᠴᠠᠯᠢᠭᠳᠤ ᠪᠦᠲᠦᠭᠡᠭᠳᠡᠬᠦᠨ ᠤ ᠦᠵᠡᠭᠦᠯᠦᠯᠭᠡ ᠶᠢᠨ ᠲᠣᠭᠤᠷᠢᠭ᠂ ᠭᠠᠷ ᠤᠷᠠᠯᠠᠯ ᠤᠨ ᠪᠦᠲᠦᠭᠡᠭᠳᠡᠬᠦᠨ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠠᠰᠤᠭ ᠵᠡᠷᠭᠡ ᠣᠷᠣᠨ ᠪᠦᠰᠡ ᠪᠠᠷ ᠲᠣᠭᠤᠷᠢᠨ ᠦᠵᠡᠵᠦ᠂ ᠲᠡᠷᠡᠴᠢᠯᠡᠨ ᠵᠠᠯᠠᠨ ᠠᠶᠢᠯ ᠬᠤᠲᠠ ᠶᠢᠨ ᠲᠣᠭᠠᠴᠢᠯᠠᠭᠰᠠᠨ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠡᠵᠡᠩᠨᠡᠯᠲᠡ ᠶᠢᠨ ᠪᠠᠶᠢᠳᠠᠯ ᠵᠢᠴᠢ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠬᠥᠭᠵᠢᠯᠲᠡ ᠶᠢᠨ ᠣᠳᠣᠬᠢ ᠪᠠᠶᠢᠳᠠᠯ᠂ ᠬᠥᠭᠵᠢᠯᠲᠡ ᠶᠢᠨ ᠲᠥᠯᠥᠪᠵᠢᠭᠦᠯᠭᠡ ᠶᠢ ᠨᠠᠷᠢᠨ ᠨᠢᠮᠪᠠᠶ ᠣᠶᠢᠯᠠᠭᠠᠵᠤ᠂ ᠵᠠᠯᠠᠨ ᠠᠶᠢᠯ ᠬᠤᠲᠠ ᠳᠤ ᠡᠯᠧᠺᠲᠷᠣᠨ ᠬᠤᠳᠠᠯᠳᠤᠭᠠᠨ ᠤ ᠠᠵᠤ  ᠦᠢᠯᠡᠰ ᠤᠨ ᠠᠪᠴᠢᠷᠠᠭᠰᠠᠨ ᠬᠥᠭᠵᠢᠯᠲᠡ ᠬᠤᠪᠢᠷᠠᠯᠲᠠ ᠶᠢ ᠣᠶᠢᠯᠠᠭᠠᠪᠠ᠃ ᠤᠯᠠᠨ ᠢᠶᠠᠷ ᠢᠶᠠᠨ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠢᠳᠡᠪᠬᠢᠲᠡᠢ ᠪᠠᠷ ᠰᠠᠨᠠᠯ ᠢᠶᠠᠨ ᠰᠣᠯᠢᠯᠴᠠᠵᠤ᠂ ᠲᠤᠰ ᠤᠳᠠᠭ᠎ᠠ ᠶᠢᠨ ᠲᠣᠭᠤᠷᠢᠨ ᠦᠵᠡᠬᠦ ᠠᠵᠢᠯᠯᠠᠭ᠎ᠠ ᠨᠢ ᠮᠠᠨ ᠤ ᠬᠤᠳᠠ ᠶᠢᠨ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠠᠵᠢᠯ ᠲᠦᠷᠦᠯ ᠤᠨ ᠬᠥᠭᠵᠢᠯᠲᠡ ᠶᠢᠨ ᠢᠷᠡᠭᠡᠳᠦᠢ ᠶᠢ ᠰᠢᠭᠤᠳ ᠤᠢᠢᠯᠠᠭᠠᠭᠰᠠᠨ ᠪᠥᠭᠡᠳ ᠡᠯ᠎ᠡ ᠠᠵᠤ ᠠᠬᠤᠶᠢᠯᠠᠯ ᠤᠨ ᠬᠥᠭᠵᠢᠯᠲᠡ ᠳᠤ ᠰᠢᠨ᠎ᠡ ᠰᠡᠳᠬᠢᠮᠵᠢ ᠬᠠᠩᠭᠠᠵᠤ᠂ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠢᠷᠡᠭᠡᠳᠦᠢ ᠶᠢ ᠠᠬᠢᠭᠤᠯᠬᠤ ᠳᠤ ᠢᠲᠡᠭᠡᠯ ᠲᠡᠭᠦᠯᠳᠡᠷ ᠪᠠᠶᠢᠵᠤ᠂ ᠵᠠᠯᠠᠨ ᠠᠶᠢᠯ ᠬᠤᠳᠠ ᠶᠢᠨ ᠪᠦᠯᠬᠦᠮᠳᠡᠯ ᠡᠶ᠎ᠡ ᠵᠣᠬᠢᠴᠠᠩᠭᠤᠢ ᠰᠠᠶᠢᠨ ᠰᠠᠶᠢᠬᠠᠨ ᠪᠠᠶᠢᠳᠠᠯ ᠪᠣᠯᠤᠨ ᠬᠥᠭᠵᠢᠯᠲᠡ ᠬᠤᠪᠢᠷᠠᠯᠲᠠ ᠶᠢ ᠮᠠᠭᠲᠠᠨ ᠰᠠᠶᠢᠰᠢᠶᠠᠵᠤ ᠪᠠᠶᠢᠨ᠎ᠠ ᠭᠡᠵᠦ ᠢᠯᠡᠳᠬᠡᠵᠡᠭᠡᠪᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ