ᠬᠠᠮᠲᠤᠷᠠᠭᠰᠠᠨ ᠪᠠᠶᠢᠴᠠᠭᠠᠯᠲᠠ ᠶᠢ ᠴᠢᠩᠭᠠᠳᠬᠠᠵᠤ ᠤᠰᠤ ᠤᠮᠳᠠ ᠶᠢᠨ ᠠᠮᠤᠷ ᠲᠦᠪᠰᠢᠨ ᠢ ᠪᠠᠲᠤᠯᠠᠬᠤ
ᠨᠡᠶᠢᠲᠡᠯᠡᠭᠰᠡᠨ ᠴᠠᠭ᠄
2024/1/10
    ᠠᠷᠠᠳ ᠣᠯᠠᠨ ᠤ ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠠᠮᠤᠷ ᠲᠦᠪᠰᠢᠨ ᠢ ᠦᠨᠡᠨᠬᠦ ᠪᠠᠲᠤᠯᠠᠵᠤ᠂ ᠤᠤᠭᠤᠬᠤ ᠤᠰᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠡᠭᠦᠰᠬᠦ ᠶᠢ ᠰᠡᠷᠭᠡᠶᠢᠯᠡᠬᠦ ᠶᠢᠨ ᠲᠤᠰᠠᠳᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ 1 ᠳ᠋ᠦᠭᠡᠷ ᠰᠠᠷ᠎ᠠ ᠶᠢᠨ 4 ᠤ ᠡᠳᠦᠷ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠪᠠᠶᠢᠴᠠᠭᠠᠯᠲᠠ ᠶᠢᠨ ᠠᠷᠭ᠎ᠠ ᠮᠠᠶ᠋ᠢᠭ ᠢ ᠠᠪᠴᠤ᠂ ᠵᠠᠯᠠᠨ ᠠᠶᠢᠯ ᠬᠤᠲᠠ ᠶᠢᠨ ᠶᠠᠯᠦ ᠤᠰᠤ ᠬᠠᠩᠭᠠᠬᠤ ᠺᠣᠮᠫᠠᠨᠢ ᠳᠤ ᠬᠠᠮᠲᠤᠷᠠᠨ ᠲᠤᠬᠠᠶ ᠶᠢᠨ ᠲᠠᠯᠠᠪᠤᠷ ᠤᠨ ᠬᠢᠨᠠᠯᠲᠠ ᠪᠠᠶᠢᠴᠠᠭᠠᠯᠲᠠ ᠬᠢᠪᠠ᠃     ᠪᠠᠶᠢᠴᠠᠭᠠᠬᠤ ᠳᠤᠭᠤᠶᠢᠯᠠᠩ ᠤᠨ ᠬᠢᠨ ᠾᠧ ᠰᠢ ᠶᠢᠨ ᠤᠰᠤᠨ ᠤ ᠦᠢᠯᠡᠳᠪᠦᠷᠢ ᠶᠢᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠦᠢᠯᠡᠳᠪᠦᠷᠢ ᠶᠢᠨ ᠲᠣᠭᠤᠷᠢᠭ ᠤᠨ ᠬᠠᠷᠢᠭᠤᠴᠠᠯᠭᠠᠲᠠᠨ ᠤ ᠲᠤᠬᠠᠢ ᠶᠢᠨ ᠲᠠᠯᠠᠪᠠᠢ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠣᠲᠣᠭᠠᠳᠤ ᠠᠵᠢᠯ ᠤᠨ ᠮᠠᠲ᠋ᠧᠷᠢᠶᠠᠯ ᠢ ᠪᠠᠶᠢᠴᠠᠭᠠᠨ ᠦᠵᠡᠵᠦ᠂ ᠤᠰᠤ ᠬᠠᠩᠭᠠᠬᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠦᠷᠢᠮ᠂ ᠪᠠᠴᠢᠮ ᠪᠠᠶᠢᠳᠠᠯ ᠢ ᠠᠷᠭᠠᠴᠠᠬᠤ ᠲᠥᠰᠦᠯ᠂ ᠤᠰᠤ ᠬᠠᠩᠭᠠᠬᠤ ᠤᠰᠤᠨ ᠤ ᠴᠢᠨᠠᠷ᠂ ᠲᠥᠬᠦᠭᠡᠷᠦᠮᠵᠢ ᠶᠢ ᠲᠣᠭᠤᠷᠢᠨ ᠪᠠᠶᠢᠴᠠᠭᠠᠭᠰᠠᠨ ᠲᠡᠮᠳᠡᠭᠯᠡᠯ᠂ ᠳᠠᠩᠰᠠᠯᠠᠭᠤᠯᠤᠭᠰᠠᠨ ᠬᠡᠮᠵᠢᠭᠴᠢ ᠵᠡᠷᠭᠡ ᠲᠠᠯ᠎ᠠ ᠶᠢ ᠭᠤᠣᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠯᠲᠠ ᠳᠤ ᠢᠯᠡᠷᠡᠭᠦᠯᠦᠭᠰᠡᠨ ᠤᠰᠤ ᠬᠠᠩᠭᠠᠬᠤ ᠠᠵᠤ ᠠᠬᠤᠶᠢᠯᠠᠯ ᠤᠨ ᠬᠠᠮᠢᠶ᠎ᠠ ᠪᠥᠬᠦᠶ ᠲᠦᠷᠢᠮ ᠲᠣᠭᠲᠠᠭᠠᠯ ᠪᠠ ᠪᠠᠶᠢᠴᠠᠭᠠᠵᠤ ᠬᠠᠮᠠᠭᠠᠯᠠᠬᠤ ᠡᠬᠡ ᠲᠠᠩᠰᠠ ᠶᠢᠨ ᠮᠠᠲ᠋ᠧᠷᠢᠶᠠᠯ ᠨᠢ ᠪᠦᠷᠢᠨ  ᠭᠦᠢᠴᠡᠳ᠂ ᠤᠰᠤᠨ ᠤ ᠴᠢᠨᠠᠷ ᠢ ᠪᠠᠶᠢᠴᠠᠭᠠᠨ ᠬᠡᠮᠵᠢᠬᠦ ᠤᠳᠠᠭ᠎ᠠ ᠨᠢ ᠪᠠᠷᠢᠮᠵᠢᠶ᠎ᠠ ᠳᠤ ᠬᠦᠷᠦᠭᠰᠡᠨ ᠮᠥᠷᠲᠡᠭᠡᠨ ᠤᠰᠤᠨ ᠤ ᠴᠢᠨᠠᠷ ᠨᠢ ᠬᠢᠷᠢ ᠲᠡᠩᠴᠡᠭᠰᠡᠨ ᠪᠠᠶᠢᠵᠤ᠂ ᠾᠧ ᠰᠢ ᠶᠢᠨ ᠤᠰᠤᠨ ᠤ  ᠦᠢᠯᠡᠳᠪᠦᠷᠢᠯᠡᠯ ᠶᠢᠨ ᠪᠦᠬᠦᠯᠢ ᠴᠣᠭᠴᠠ ᠶᠢᠨ ᠡᠵᠡᠩᠨᠡᠯᠲᠡ ᠶᠢᠨ ᠪᠠᠶᠢᠳᠠᠯ ᠨᠢ ᠠᠮᠤᠷ ᠲᠦᠪᠰᠢᠨ ᠪᠥᠭᠡᠳ ᠲᠣᠭᠲᠠᠭᠤᠨ ᠪᠠᠶᠢᠨ᠎ᠠ᠃    ᠡᠴᠦᠰ ᠲᠤ᠂ ᠪᠠᠶᠢᠴᠠᠭᠠᠬᠤ ᠳᠤᠭᠤᠶᠢᠯᠠᠩ ᠠᠴᠠ ᠠᠵᠤ ᠠᠬᠤᠶᠢᠯᠠᠯ ᠢ ᠲᠣᠰ ᠤᠳᠠᠭᠠᠨ ᠤ ︽ᠬᠤᠶᠠᠷ ᠢ ᠲᠣᠬᠢᠶᠠᠯᠳᠤᠯ ᠢᠶᠠᠷ ᠬᠢᠵᠦ᠂ ᠨᠢᠭᠡ ᠶᠢ ᠢᠯᠡ ᠪᠣᠯᠭᠠᠬᠤ︾ ᠪᠠᠶᠢᠴᠠᠭᠠᠯᠲᠠ ᠪᠠᠷ ᠲᠣᠬᠢᠶᠠᠯ ᠪᠣᠯᠭᠠᠨ᠂ ᠠᠵᠢᠯ ᠲᠥᠷᠥᠯ ᠤᠨ ᠠᠵᠢᠯᠯᠠᠭ᠎ᠠ ᠪᠠᠨ ᠦᠷᠭᠦᠯᠵᠢᠯᠡᠨ ᠵᠢᠷᠤᠮᠵᠢᠭᠤᠯᠵᠤ᠂ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠠᠷᠢᠯᠭᠠᠵᠤ᠂ ᠡᠯ᠎ᠡ  ᠵᠦᠢᠯ ᠤᠨ ᠲᠦᠷᠢᠮ ᠤᠨ ᠪᠠᠶᠢᠭᠤᠯᠤᠯᠲᠠ ᠪᠠ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠾᠧ ᠰᠢ ᠶᠢᠨ ᠤᠰᠤᠨ ᠤ  ᠦᠢᠯᠡᠳᠪᠦᠷᠢ ᠶᠢᠨ ᠲᠥᠬᠦᠭᠡᠷᠦᠮᠵᠢ ᠶᠢ ᠰᠡᠯᠪᠢᠨ ᠵᠠᠰᠠᠵᠤ ᠬᠠᠮᠠᠭᠠᠯᠠᠬᠤ ᠠᠵᠢᠯ ᠢ ᠴᠢᠩᠭᠠᠳᠬᠠᠵᠤ᠂ ᠤᠰᠤ ᠬᠠᠩᠭᠠᠬᠤ ᠲᠥᠬᠦᠭᠡᠷᠦᠮᠵᠢ ᠶᠢᠨ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠨ᠎ᠠ ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ