ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ‍ᠤᠨ‌ᠡᠪᠦᠯ ‍ᠤᠨ‌ᠤᠯᠠᠷᠢᠯ ᠤᠨ ᠪᠠᠶ᠎ᠡ ᠶᠢᠨ ᠲᠠᠮᠢᠷ ᠤᠨ ᠴᠤᠭᠯᠠᠭᠠᠨ︾ ᠤ ᠬᠤᠭᠤᠴᠠᠭᠠᠨ ᠳᠤ ᠬᠤᠸᠠᠷ ᠫᠤᠤᠵᠢᠩ ᠪᠤᠷᠤᠯᠠᠭᠤᠯᠬᠤ᠂ ᠨᠣᠴᠣᠬᠤ᠂ ᠲᠠᠯᠪᠢᠬᠤ᠂  ᠲᠡᠭᠡᠭᠡᠪᠦᠷᠢᠯᠡᠬᠦ ᠶᠢ ᠴᠠᠭᠠᠵᠠᠯᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2024/1/10
ᠵᠠᠯᠡᠨ ᠠᠶᠢᠯ ᠬᠤᠲᠠ ᠶᠢᠨ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠠᠷᠠᠳ ᠤᠨ ᠪᠦᠯᠬᠦᠮ᠂ ᠰᠠᠭᠤᠭᠠᠯᠢ ᠠᠷᠠᠳ ᠣᠯᠠᠨ᠄    ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ᠂ ᠤᠷᠤᠯᠳᠤᠭᠠᠨ ᠤ ᠬᠤᠭᠤᠴᠠᠭᠠᠨ ᠳᠠᠬᠢ ᠨᠡᠶᠢᠭᠡᠮ ᠨᠡᠶᠢᠲᠡ ᠶᠢᠨ ᠠᠮᠤᠷ ᠲᠦᠪᠰᠢᠨ ᠪᠠ ᠠᠷᠠᠳ ᠣᠯᠠᠨ ᠤ ᠪᠡᠶ᠎ᠡ ᠮᠠᠬᠠᠪᠣᠳ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ︽︿ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠸᠠᠷ ᠫᠤᠤᠵᠢᠩ ᠨᠤᠴᠤᠬᠤ ᠪᠠ ᠲᠠᠯᠪᠢᠬᠤ ᠶᠢ ᠴᠠᠭᠠᠵᠠᠯᠠᠬᠤ ᠪᠠᠲᠤᠯᠠᠭ᠎ᠠ ᠶᠢᠨ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠠᠷᠪᠠᠨ ᠳᠥᠷᠪᠡᠳᠦᠭᠡᠷ ᠡᠪᠦᠯ ᠬᠥᠬᠡᠬᠤᠲᠠ ᠭᠦᠢᠴᠡᠳᠭᠡᠬᠦ ᠥᠰᠥᠭ ︹ 2023 ︺ 14 ᠳ᠋ᠦᠭᠡᠷ ᠲᠣᠭᠠᠲᠤ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠭᠡᠯ ᠤᠨ ᠬᠠᠤᠯᠢ︾ ︽ᠬᠤᠸᠠᠷ ᠫᠤᠤᠵᠢᠩ ᠲᠠᠯᠪᠢᠬᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠵᠡᠷᠭᠡ ᠲᠣᠭᠲᠠᠭᠠᠯ ᠢ ᠦᠨᠳᠦᠰᠦᠯᠡᠪᠡᠯ᠂ ᠤᠳᠤ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠬᠤᠭᠤᠴᠠᠭᠠᠨ ᠳᠤ ᠬᠤᠸᠠᠷ ᠫᠤᠤᠵᠢᠩ ᠪᠤᠷᠤᠯᠠᠭᠤᠯᠬᠤ᠂ ᠨᠣᠴᠣᠬᠤ᠂ ᠲᠠᠯᠪᠢᠬᠤ᠂ ᠲᠡᠭᠡᠭᠡᠪᠦᠷᠢᠯᠡᠬᠦ ᠶᠢ ᠴᠠᠭᠠᠵᠠᠯᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠴᠠᠭ ᠪᠠ ᠬᠡᠪᠴᠢᠶ᠎ᠡ᠄ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠥᠯᠥᠨ ᠪᠤᠶᠢᠷ ᠤᠨ ᠭᠦᠢᠴᠡᠳᠭᠡᠬᠦ ᠵᠥᠪᠯᠡᠯ ᠤᠨ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠪᠠᠲᠤᠯᠠᠭ᠎ᠠ ᠶᠢᠨ ᠠᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠠᠷᠪᠠᠨ ᠳᠥᠷᠪᠡᠳᠦᠭᠡᠷ ᠡᠪᠦᠯ ᠬᠥᠬᠡᠬᠤᠲᠠ  ᠭᠦᠢᠴᠡᠳᠭᠡᠬᠦ ᠥᠰᠥᠭ ︹ 2023 ︺ 14 ᠳ᠋ᠦᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠤᠷᠤᠯᠳᠤᠭᠠᠨ ᠤ ᠬᠤᠭᠤᠴᠠᠭ᠎ᠠ 2024 ᠣᠨ ᠤ 2 ᠰᠠᠷ᠎ᠠ ᠶᠢᠨ 12 ᠤᠨ ᠡᠳᠦᠷ ︵ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠰᠢᠨ᠎ᠡ ᠶᠢᠨ ᠭᠤᠷᠪᠠᠨ︶ ᠤᠨ 0 ᠴᠠᠭ ᠠᠴᠠ 2 ᠰᠠᠷ᠎ᠠ ᠶᠢᠨ 27 ᠤ ᠡᠳᠦᠷ ︵ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠠᠷᠪᠠᠨ ᠨᠠᠢᠮᠠᠨ︶ ᠤᠨ 24 ᠴᠠᠭ ᠪᠣᠯᠲᠠᠯ᠎ᠠ᠂ ᠵᠠᠯᠠᠨ ᠠᠶᠢᠯ ᠬᠤᠲᠠ ᠶᠢᠨ ᠾᠧ ᠰᠢ ᠵᠡᠭᠡᠯᠢ ᠶᠢᠨ ᠵᠠᠮ ᠤᠨ ᠪᠥᠬᠦ ᠴᠠᠷᠠᠭ᠎ᠠ᠂ ᠲᠢᠶᠧ ᠳ᠋ᠦᠩ ᠵᠡᠭᠡᠯᠢ ᠶᠢᠨ ᠪᠥᠬᠦ ᠴᠠᠷᠠᠭ᠎ᠠ᠂ ᠭᠤᠣ ᠲᠠᠢ ᠽᠢ ᠵᠡᠭᠡᠯᠢ ᠶᠢᠨ ᠪᠥᠬᠦ ᠴᠠᠷᠠᠭ᠎ᠠ᠂ ᠰᠢᠩ ᠬᠤᠸᠠ ᠵᠡᠭᠡᠯᠢ ᠶᠢᠨ ᠪᠥᠬᠦ ᠴᠠᠷᠠᠭ᠎ᠠ᠂ ᠴᠡᠴᠡᠭᠯᠡᠨ ᠬᠥᠭᠵᠢᠭᠰᠡᠨ ᠵᠡᠭᠡᠯᠢ ᠶᠢᠨ ᠪᠥᠬᠦ ᠴᠠᠷᠠᠭ᠎ᠠ᠂ ᠰᠢᠶᠠᠩ ᠶᠠᠩ ᠵᠡᠭᠡᠯᠢ ᠶᠢᠨ ᠪᠥᠬᠦ ᠴᠠᠷᠠᠭ᠎ᠠ᠂ ᠵᠧᠩ ᠶᠠᠩ ᠵᠡᠭᠡᠯᠢ ᠶᠢᠨ ᠪᠥᠬᠦ ᠴᠠᠷᠠᠭ᠎ᠠ᠂ ᠸᠤ᠋ ᠨᠢᠦ ᠾᠧ ᠪᠠᠯᠭᠠᠰᠤ ᠶᠢᠨ ᠪᠥᠬᠦ ᠴᠠᠷᠠᠭ᠎ᠠ᠂ ᠳ᠋ᠠ ᠾᠧ ᠸᠠᠨ ᠪᠠᠯᠭᠠᠰᠤ ᠶᠢᠨ ᠱᠠ ᠯᠢ ᠭᠧᠦ ᠲᠣᠰᠬᠤᠨ ᠤ ᠪᠥᠬᠦ ᠴᠠᠷᠠᠭ᠎ᠠ ᠶᠢᠨ ᠬᠡᠪᠴᠢᠶᠡᠨ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠨ᠎ᠠ᠃    ᠬᠤᠶᠠᠷ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠪᠠ ᠬᠢᠵᠠᠭᠠᠷᠯᠠᠨ᠎ᠠ᠄ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾  ᠤ ᠬᠤᠭᠤᠴᠠᠭ᠎ᠠ ᠶᠢ ᠭᠠᠷᠭᠠᠪᠠᠯ᠂ ᠪᠤᠰᠤᠳ ᠴᠠᠭ ᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽︿ᠬᠥᠯᠥᠨ ᠪᠤᠶᠢᠷ ᠬᠤᠲᠠ ᠶᠢᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠪᠠ ᠬᠢᠵᠠᠭᠠᠷᠯᠠᠬᠤ ᠠᠵᠢᠯ ᠤᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ︹ 2021 ︺ 4 ᠳ᠋ᠦᠭᠡᠷ ᠲᠣᠭᠠᠲᠤ︶ ᠤᠨ ᠶᠣᠰᠣᠭᠠᠷ ᠬᠡᠷᠡᠭᠵᠢᠭᠦᠯᠦᠨ᠎ᠡ᠃    ᠭᠤᠷᠪᠠ᠂ ᠬᠤᠸᠠᠷ ᠫᠤᠤᠵᠢᠩ ᠪᠤᠷᠤᠯᠠᠭᠤᠯᠬᠤ᠂ ᠨᠣᠴᠣᠬᠤ᠂ ᠲᠠᠯᠪᠢᠬᠤ᠂  ᠲᠡᠭᠡᠭᠡᠪᠦᠷᠢᠯᠡᠬᠦ ᠶᠢ ᠴᠠᠭᠠᠵᠠᠯᠠᠬᠤ‌ᠠᠵᠢᠯ ᠲᠤ ︽ᠵᠠᠰᠠᠭ  ‍ᠤᠨ‌ᠣᠷᠳᠣᠨ ᠵᠣᠬᠢᠶᠠᠨ ᠪᠠᠶᠢᠭᠤᠯᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠦᠨᠳᠦᠰᠦᠨ ᠱᠠᠲᠤᠨ  ᠲᠤ ᠬᠡᠷᠡᠭᠵᠢᠭᠦᠯᠬᠦ᠂ ᠨᠡᠶᠢᠭᠡᠮ ᠤᠨ ᠬᠢᠨ ᠣᠷᠣᠯᠴᠠᠬᠤ︾ ᠠᠷᠭ᠎ᠠ  ᠮᠠᠶᠠᠭ ᠢ ᠠᠪᠴᠦ᠂ ᠬᠠᠥᠯᠢ ᠶᠣᠰᠣᠭᠠᠷ ᠬᠡᠷᠡᠭᠵᠢᠭᠦᠯᠦᠨ᠎ᠡ᠃ ᠡᠯ᠎ᠡ ᠰᠢᠶᠠᠩ ᠪᠠᠯᠭᠠᠰᠤ ︵ᠲᠣᠰᠬᠤᠨ︶᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠨᠡᠶᠢᠭᠡᠮ ᠲᠣᠭᠤᠷᠢᠭ︶᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠺᠣᠮᠫᠠᠨᠢ ᠵᠡᠷᠭᠡ ᠨᠢ ᠬᠤᠸᠠᠷ ᠫᠤᠤᠵᠢᠩ ᠪᠤᠷᠤᠯᠠᠭᠤᠯᠬᠤ᠂ ᠨᠣᠴᠣᠬᠤ᠂ ᠲᠠᠯᠪᠢᠬᠤ᠂  ᠲᠡᠭᠡᠭᠡᠪᠦᠷᠢᠯᠡᠬᠦ ᠶᠢ ᠴᠠᠭᠠᠵᠠᠯᠠᠬᠤ ᠶᠢᠨ ᠤᠬᠠᠭᠤᠯᠬᠤ᠂ ᠬᠦᠮᠦᠵᠢᠭᠦᠯᠬᠦ᠂ ᠬᠥᠲᠥᠯᠦᠨ ᠵᠢᠯᠣᠭᠤᠳᠬᠤ ᠪᠠ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠶᠢᠨ ᠠᠯᠪᠠᠨ ᠬᠡᠷ᠂ ᠠᠮᠢ ᠠᠬᠤᠶ ᠶᠢᠨ ᠣᠷᠴᠢᠨ ᠲᠣᠭᠤᠷᠢᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠵᠡᠷᠭᠡ ᠰᠠᠯᠠᠭ᠎ᠠ ᠮᠥᠴᠢᠷ ᠤᠳ ᠤᠷᠢᠳᠴᠢᠯᠠᠨ ᠠᠷᠭ᠎ᠠ ᠰᠦᠪᠡᠭᠴᠢᠯᠡᠵᠦ᠂ ᠬᠤᠸᠠᠷ ᠫᠤᠤᠵᠢᠩ ᠪᠤᠷᠤᠯᠠᠭᠤᠯᠬᠤ᠂ ᠨᠣᠴᠣᠬᠤ᠂ ᠲᠠᠯᠪᠢᠬᠤ᠂  ᠲᠡᠭᠡᠭᠡᠪᠦᠷᠢᠯᠡᠬᠦ ᠶᠢ ᠴᠠᠭᠠᠵᠠᠯᠠᠬᠤ ᠵᠣᠬᠢᠴᠠᠩᠭᠤᠶ ᠡᠭᠦᠷᠭᠡ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠬᠠᠮ ᠵᠠᠭᠤᠴᠢᠯᠠᠭᠤᠷ ᠤᠨ ᠲᠥᠪ ᠨᠢ ᠷᠠᠳᠢᠣ᠋ ᠨᠡᠪᠲᠡᠷᠡᠭᠦᠯᠭᠡ᠂ ᠲᠧᠯᠸᠢᠰ᠂ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ ᠤᠬᠠᠭᠤᠯᠭ᠎ᠠ ᠶᠢ ᠰᠠᠶᠢᠲᠤᠷ ᠬᠢᠵᠦ᠂ ᠠᠵᠤ ᠠᠬᠤᠶᠢᠯᠠᠯ᠂ ᠰᠤᠷᠭᠠᠭᠤᠯᠢ ᠨᠤᠭᠤᠳ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠬᠤᠭᠤᠴᠠᠭᠠᠨ ᠳᠠᠬᠢ ᠠᠭᠠᠷ ᠤᠨ ᠶᠠᠰᠤ ᠴᠢᠨᠠᠷ ᠢ ᠪᠠᠲᠤᠯᠠᠬᠤ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃    ᠲᠦᠷᠪᠡ᠂ ᠶᠠᠮᠠᠷᠪᠠ ᠨᠢᠭᠡᠴᠢ ᠪᠠ ᠬᠤᠪᠢ ᠬᠥᠮᠦᠨ ᠲᠤᠰ ᠵᠠᠷᠯᠠᠯ ᠤᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠢᠳᠬᠠᠨ ᠬᠤᠷᠢᠭᠯᠠᠬᠤ ᠪᠤᠶᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠠᠮᠢ ᠠᠬᠤᠶ ᠶᠢᠨ ᠣᠷᠴᠢᠨ ᠨᠥᠬᠦᠴᠡᠯ ᠤᠨ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠡᠷᠬᠡ ᠲᠠᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢᠯᠡᠴᠢᠯᠡᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠢᠯᠡᠴᠢᠯᠡᠨ ᠮᠡᠳᠡᠭᠦᠯᠦᠭᠴᠢ ᠳᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠠᠷᠢᠭᠤ ᠲᠤᠰᠬᠠᠬᠤ ᠬᠡᠷᠡᠭᠲᠡᠶ᠃    ᠲᠠᠪᠤ᠂ ᠲᠤᠰ ᠵᠠᠷᠯᠠᠯ ᠤᠨ ᠲᠣᠭᠲᠠᠭᠠᠯ ᠢ ᠵᠥᠷᠢᠴᠡᠨ ᠬᠤᠸᠠᠷ ᠫᠤᠤᠵᠢᠩ ᠲᠠᠯᠪᠢᠭᠰᠠᠨ ᠪᠠᠶᠢᠪᠠᠯ᠂ ︽ᠬᠤᠸᠠᠷ ᠫᠤᠤᠵᠢᠩ ᠤᠨ ᠠᠶᠤᠯᠭᠦᠶ ᠶᠢᠨ ᠬᠠᠮᠢᠶᠠᠷᠤᠯᠲᠠ ᠶᠢᠨ ᠲᠦᠷᠢᠮ︾ ᠤᠨ ᠳᠥᠴᠢᠨ ᠬᠤᠶᠠᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠣᠭᠲᠠᠭᠠᠯ ᠢ ᠦᠨᠳᠦᠰᠦᠯᠡᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠵᠠᠷᠯᠢᠭᠳᠠᠵᠤ ᠪᠠᠶᠢᠭᠠᠳ ᠬᠤᠸᠠᠷ ᠫᠤᠤᠵᠢᠩ ᠲᠠᠯᠪᠢᠬᠤ ᠶᠢ ᠨᠢ ᠵᠣᠭᠰᠣᠭᠠᠵᠤ᠂ 100 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ︔ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢ ᠵᠥᠷᠢᠴᠡᠭᠰᠡᠨ ᠠᠵᠢᠯᠯᠠᠭ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠥᠭᠭᠦᠨ᠎ᠡ᠃ ᠵᠥᠪᠰᠢᠶᠡᠷᠡᠯ ᠦᠭᠡᠢ ᠪᠠᠷ ᠬᠤᠸᠠᠷ ᠫᠤᠤᠵᠢᠩ  ᠤᠨ ᠦᠳᠡᠰᠢᠯᠡᠭᠡ ᠪᠤᠶᠤ ᠪᠤᠰᠤᠳ ᠲᠤᠮᠤ ᠬᠡᠯᠪᠡᠷᠢ ᠶᠢᠨ ᠬᠤᠸᠠᠷ ᠫᠤᠤᠵᠢᠩ ᠲᠠᠯᠪᠢᠬᠤ ᠠᠵᠢᠯᠯᠠᠭ᠎ᠠ ᠡᠷᠬᠢᠯᠡᠭᠰᠡᠨ ᠪᠣᠯ ︽ᠬᠤᠸᠠᠷ ᠫᠤᠤᠵᠢᠩ ‍ᠤᠨ‌ᠠᠶᠤᠯ ᠦᠭᠡᠢ ᠶᠢᠨ ᠬᠠᠮᠢᠶᠠᠷᠤᠯᠲᠠ‌‍ᠶᠢᠨ ᠲᠥᠷᠢᠮ︾ ᠢ ᠦᠨᠳᠦᠰᠦᠯᠡᠨ᠂ ᠳᠣᠲᠣᠭᠠᠳᠤ ᠢ ᠬᠠᠮᠠᠭᠠᠯᠠᠬᠤ ᠪᠠᠶᠢᠭᠤᠯᠤᠯᠭ᠎ᠠ ᠠᠴᠠ ᠵᠠᠷᠯᠢᠭᠳᠠᠵᠤ ᠪᠠᠶᠢᠭᠠᠳ ᠬᠤᠸᠠᠷ ᠫᠤᠤᠵᠢᠩ ᠲᠠᠯᠪᠢᠬᠤ ᠢ ᠨᠢ ᠵᠣᠭᠰᠣᠭᠠᠵᠤ᠂ ᠬᠠᠷᠢᠭᠤᠴᠠᠯᠭ᠎ᠠ ᠲᠠᠢ‌ᠨᠢᠭᠡᠴᠡ‌ᠢ1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃    ᠵᠢᠷᠭᠤᠭ᠎ᠠ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ 30 ᠡᠳᠦᠷ ᠤᠨ ᠲᠠᠷᠠᠭ᠎ᠠ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 2024 ᠣᠨ ᠤ 2 ᠰᠠᠷ᠎ᠠ ᠶᠢᠨ 28 ᠤ ᠡᠳᠦᠷ ᠪᠣᠯᠤᠨ᠎ᠠ᠃    ᠬᠠᠤᠯᠢ ᠵᠥᠷᠢᠴᠡᠭᠰᠡᠨ ᠡᠵᠡᠩᠨᠡᠯᠲᠡ ᠶᠢ ᠢᠯᠡᠴᠢᠯᠡᠨ ᠮᠡᠳᠡᠭᠦᠯᠬᠦ ᠤᠲᠠᠰᠤ᠄ ᠵᠠᠯᠠᠨ ᠠᠶᠢᠯ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ    0470-3798895    ᠢᠯᠡᠴᠢᠯᠡᠨ ᠮᠡᠳᠡᠭᠦᠯᠬᠦ ᠤᠲᠠᠰᠤ ᠶᠢ ᠬᠠᠤᠯᠢ ᠠᠴᠠ ᠵᠥᠷᠢᠴᠡᠨ ᠲᠠᠯᠪᠢᠪᠠ᠄ ᠵᠠᠯᠠᠨ ᠠᠶᠢᠯ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ    0470-3219603    ᠵᠠᠯᠠᠨ ᠠᠶᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ    0470-3202899    ᠬᠥᠯᠥᠨ ᠪᠤᠶᠢᠷ ᠬᠤᠲᠠ ᠶᠢᠨ ᠠᠮᠢ ᠠᠬᠤᠶ ᠶᠢᠨ ᠣᠷᠴᠢᠨ ᠨᠥᠬᠦᠴᠡᠯ ᠤᠨ ᠲᠣᠪᠴᠢᠶ᠎ᠠ ᠶᠢᠨ ᠵᠠᠯᠠᠨ ᠠᠶᠢᠯ ᠤᠨ ᠬᠤᠪᠢᠶᠠᠷᠢ ᠲᠣᠪᠴᠢᠶ᠎ᠠ     0470 -3204627
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ