ᠡᠪᠦᠯ  ᠤᠨ ᠤᠯᠠᠷᠢᠯ  ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/1/11
ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠭᠠᠯ ᠰᠡᠷᠭᠡᠶᠢᠯᠡᠬᠦ ᠺᠣᠮᠢᠰ ᠤᠨ ᠡᠯ᠎ᠡ ᠪᠦᠷᠢᠯᠳᠦᠬᠦᠨ ᠨᠢᠭᠡᠴᠡ ᠳᠤ᠄    ᠣᠳᠣᠬᠠᠨ ᠳᠤ ᠶᠠᠭ ᠡᠪᠦᠯ ᠤᠨ ᠤᠯᠠᠷᠢᠯ ᠳᠤ ᠣᠷᠣᠵᠤ᠂ ᠠᠭᠤᠷ ᠠᠮᠢᠰᠬᠤᠯ ᠬᠠᠬᠢᠷ ᠬᠦᠢᠲᠡᠨ᠂ ᠰᠠᠯᠬᠢ ᠬᠠᠭᠤᠷᠠᠶ ᠪᠣᠳᠠᠰ ᠬᠠᠭᠤᠷᠠᠶ᠂ ᠭᠠᠯ ᠬᠡᠷᠡᠭᠯᠡᠬᠦ ᠴᠠᠬᠢᠯᠭᠠᠨ ᠬᠡᠷᠡᠭᠯᠡᠬᠦ ᠬᠡᠶ ᠲᠥᠪᠯᠡᠷᠡᠩᠭᠦᠶ ᠪᠠᠶᠢᠵᠤ᠂ ᠡᠯ᠎ᠡ ᠲᠥᠷᠥᠯ ᠤᠨ ᠭᠠᠮᠰᠢᠭ ᠡᠭᠦᠰᠭᠡᠬᠦ ᠬᠦᠴᠦᠨ ᠵᠦᠢᠯ ᠨᠡᠮᠡᠭᠳᠡᠵᠦ᠂ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠨᠡᠮᠡᠭᠳᠡᠵᠦ ᠪᠠᠶᠢᠨ᠎ᠠ᠃ ᠡᠪᠦᠯ ᠤᠨ ᠤᠯᠠᠷᠢᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠦᠨᠡᠨᠬᠦ ᠰᠠᠶᠢᠲᠤᠷ ᠬᠢᠵᠦ᠂ ᠪᠥᠬᠦ ᠬᠤᠲᠠ‌‍ᠶᠢᠨ ᠭᠠᠯ ‍ᠤᠨ‌ᠭᠠᠮᠰᠢᠭ ‍ᠤᠨ‌‍ᠪᠠᠶᠢᠳᠠᠯ ‍ᠤᠨ‌ᠦᠷᠭᠦᠯᠵᠢᠯᠡᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ  ᠢᠶᠠᠨ ᠪᠠᠲᠤᠯᠠᠬᠤ  ᠶᠢᠨ ᠲᠤᠰᠠᠳᠠ᠂ ᠡᠳᠦᠭᠡ ᠡᠪᠦᠯ ᠤᠨ ᠤᠯᠠᠷᠢᠯ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠤᠯᠪᠣᠭᠳᠠᠯ ᠪᠥᠬᠦᠶ  ᠵᠦᠢᠯᠡᠰ ᠢ ᠰᠠᠶᠢᠲᠤᠷ ᠬᠢᠬᠦ ᠲᠤᠬᠠᠢ ᠳᠤᠥᠷᠠᠬᠢ ᠮᠡᠲᠦ ᠮᠡᠳᠡᠭᠳᠡᠶ᠎ᠡ᠄    ᠨᠢᠭᠡ᠂ ᠣᠳᠣᠬᠠᠨ ᠤ ᠪᠠᠶᠢᠳᠠᠯ ᠢ ᠭᠦᠢᠴᠡᠳ ᠲᠣᠳᠣᠷᠬᠠᠶ ᠲᠠᠨᠢᠬᠤ ᠬᠡᠷᠡᠭᠲᠡᠶ    ᠡᠪᠦᠯ ᠤᠨ ᠤᠯᠠᠷᠢᠯ ᠪᠣᠯ ᠤᠤᠯ ᠠᠴᠠ ᠪᠠᠨ ᠭᠠᠯ ᠤᠨ ᠭᠠᠮᠰᠢᠭ ᠤᠨ ᠠᠳᠡᠯ ᠠᠮᠠᠷᠬᠠᠨ ᠭᠠᠷᠬᠤ ᠪᠠ ᠣᠯᠠᠨ ᠭᠠᠷᠬᠤ ᠬᠤᠭᠤᠴᠠᠭ᠎ᠠ ᠪᠠᠶᠢᠵᠤ᠂ ᠣᠶᠢᠷ᠎ᠠ ᠶᠢᠨ ᠬᠤᠭᠤᠴᠠᠭᠠᠨ ᠳᠤ ᠠᠭᠠᠷ ᠤᠨ ᠳᠤᠯᠠᠭᠠᠨ ᠭᠡᠨᠡᠳᠲᠡ ᠳᠣᠷᠣᠭᠰᠢᠯᠠᠵᠤ᠂ ᠣᠯᠠᠨ ᠲᠦᠮᠡᠨ ᠤ ᠠᠮᠢᠳᠤᠷᠠᠯ ᠳᠤ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠬᠡᠮᠵᠢᠶ᠎ᠡ ᠨᠡᠮᠡᠭᠳᠡᠨ᠂ ᠭᠠᠯ ᠤᠨ ᠭᠠᠮᠰᠢᠭ ᠤᠨ ᠠᠳᠡᠯ ᠡᠭᠦᠰᠭᠡᠬᠦ ᠳᠠᠯᠳᠠ ᠬᠦᠴᠦᠨ ᠵᠦᠢᠯ ᠣᠯᠠᠰᠢᠷᠠᠵᠤ᠂ ᠰᠥᠨᠢ ᠶᠢᠨ 22 ᠴᠠᠭ ᠠᠴᠠ ᠥᠷᠯᠥᠭᠡ ᠶᠢᠨ 6 ᠴᠠᠭ ᠪᠣᠯᠲᠠᠯ᠎ᠠ᠂ ᠨᠡᠩ ᠴᠤ ᠭᠠᠯ ᠤᠨ ᠠᠶᠤᠯ ᠣᠯᠠᠨ ᠭᠠᠷᠬᠤ ᠴᠠᠭ ᠬᠤᠭᠤᠴᠠᠭ᠎ᠠ ᠪᠠᠶᠢᠵᠤ᠂ ᠬᠥᠮᠦᠨ ᠬᠠᠷ᠎ᠠ ᠪᠠ ᠡᠳ᠋ ᠬᠥᠷᠥᠩᠭᠡ ᠳᠤ ᠠᠮᠠᠷᠬᠠᠨ ᠬᠤᠬᠢᠷᠠᠯ ᠤᠴᠠᠷᠠᠭᠤᠯᠳᠠᠭ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠳᠣᠬᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠲᠤᠰ ᠬᠠᠷᠢᠶ᠎ᠠ ᠣᠷᠣᠨ ᠤ ᠪᠠᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠠᠶᠢᠳᠠᠯ  ᠢ ᠭᠦᠨᠵᠡᠭᠡᠶ ᠰᠤᠳᠤᠯᠤᠨ ᠮᠠᠭᠠᠳᠯᠠᠵᠤ᠂ ᠡᠪᠦᠯ  ᠤᠨ ᠤᠯᠠᠷᠢᠯ  ᠤᠨ ᠭᠠᠯ ‍ᠤᠨ‌ᠠᠶᠤᠯ ᠬᠢᠯᠪᠠᠷᠬᠠᠨ ᠭᠠᠷᠬᠤ ᠪᠠ ᠤᠯᠠᠨ ᠭᠠᠷᠬᠤ ᠵᠢᠮ᠎ᠡ ᠶᠣᠰᠣ  ᠵᠢᠨ‌ᠣᠨᠴᠠᠯᠢᠭ  ᠲᠤ ᠴᠢᠭᠯᠡᠭᠦᠯᠦᠨ᠂ ᠭᠠᠯ ‍ᠤᠨ‌ᠠᠶᠤᠯ ᠢ ᠰᠡᠷᠭᠡᠶᠢᠯᠡᠨ‌ᠡᠵᠡᠮᠳᠡᠬᠦ ᠶᠢᠨ ᠪᠠᠭᠤᠷᠠᠶ ᠭᠤᠭᠴᠤᠭ᠎ᠠ ᠪᠣᠯᠤᠨ ᠠᠰᠠᠭᠤᠳᠠᠯ  ᠤᠨ ᠳᠤᠲᠠᠭᠤᠳᠠᠯ ᠢ ᠣᠨᠣᠪᠴᠢᠲᠠᠶ ᠡᠷᠢᠵᠦ᠂ ᠤᠷᠢᠳᠴᠢᠯᠠᠨ ᠲᠥᠯᠥᠪᠵᠢᠭᠦᠯᠵᠦ᠂ ᠡᠮᠦᠨᠡᠰᠢ ᠪᠠᠨ ᠪᠠᠶᠢᠷᠢᠯᠠᠭᠤᠯᠤᠨ᠂ ᠴᠢᠭᠯᠡᠭᠦᠯᠬᠦ ᠴᠢᠨᠠᠷᠲᠠᠶ ᠰᠡᠷᠭᠡᠶᠢᠯᠡᠬᠦ ᠠᠷᠭ᠎ᠠ ᠬᠡᠮᠵᠢᠶ᠎ᠡ ᠢ ᠴᠢᠩᠭᠠᠳᠬᠠᠨ᠂ ᠭᠠᠯ  ‍ᠤᠨ‌ᠠᠶᠤᠯ ᠢ ᠰᠡᠷᠭᠡᠶᠢᠯᠡᠬᠦ ᠡᠯ᠎ᠡ ᠵᠦᠢᠯ  ᠤᠨ ᠠᠵᠢᠯ  ᠤᠨ ᠠᠷᠭ᠎ᠠ ᠬᠡᠮᠵᠢᠶ᠎ᠡ  ᠶᠢᠨ ᠨᠠᠶᠢᠳᠠᠪᠤᠷᠢᠵᠢᠭᠤᠯᠤᠯᠲᠠ  ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠭᠠᠯ ‍ᠤᠨ‌ᠠᠶᠤᠯ ᠤᠨ ᠡ᠊ᠨᠳᠡᠯ  ᠭᠠᠷᠬᠤ  ᠢ ᠪᠦᠲᠦᠮᠵᠢᠲᠡᠶ ᠰᠡᠷᠭᠡᠶᠢᠯᠡᠬᠦ ᠪᠠ ᠪᠠᠭᠠᠰᠬᠠᠬᠤ ᠬᠡᠷᠡᠭᠲᠡᠶ᠃    ᠬᠤᠶᠠᠷ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ    ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾᠂ ᠰᠢᠨ᠎ᠡ ᠵᠢᠯ᠂ ᠴᠠᠭᠠᠨ ᠰᠠᠷ᠎ᠠ ᠵᠡᠷᠭᠡ ᠪᠠᠶᠠᠷ ᠤᠨ ᠡᠳᠦᠷ ᠤᠨ ᠠᠵᠢᠯᠯᠠᠭ᠎ᠠ ᠶᠢᠨ ᠣᠨᠴᠠᠯᠢᠭ ᠪᠠ ᠪᠠᠶᠢᠳᠠᠯ ᠡᠭᠦᠷᠭᠡ ᠲᠠᠢ ᠪᠠᠨ ᠤᠶᠠᠯᠳᠤᠭᠤᠯᠤᠨ᠂ ᠭᠠᠯ ᠤᠨ ᠭᠠᠮᠰᠢᠭ ᠢ ᠰᠡᠷᠭᠡᠶᠢᠯᠡᠬᠦ ᠠᠵᠢᠯ ᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠬᠤ ᠬᠡᠷᠡᠭᠲᠡᠶ᠃ ᠰᠣᠶᠣᠯ ᠤᠨ ᠵᠢᠭᠤᠯᠴᠢᠯᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠨ ᠤ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠂ ᠰᠤᠷᠭᠠᠨ ᠬᠥᠮᠦᠵᠢᠯ ᠵᠡᠷᠭᠡ‌ᠭᠤᠣᠯᠳᠠᠯᠭ᠎ᠠ ᠲᠠᠢ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨ ᠶᠡᠷᠦᠩᠬᠡᠶᠢᠯᠡᠭᠰᠡᠨ ᠰᠤᠳᠤᠯᠤᠨ ᠮᠠᠭᠠᠳᠯᠠᠯᠲᠠ ᠪᠠᠨ ᠴᠢᠩᠭᠠᠳᠬᠠᠵᠤ᠂ ᠬᠦᠨᠳᠦ ᠶᠡᠭᠡ ᠲᠦᠭᠰᠢᠭᠦᠷᠢ ᠪᠠ ᠠᠰᠠᠭᠤᠳᠠᠯ ᠤᠨ ᠳᠠᠯᠳᠠ ᠬᠡᠮ ᠢ ᠣᠨᠣᠪᠴᠢᠲᠠᠶ ᠡᠷᠢᠨ ᠣᠯᠵᠤ᠂ ᠠᠵᠢᠯ ᠲᠥᠷᠥᠯ ᠤᠨ ᠰᠢᠰᠲ᠋ᠧᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠦᠨᠳᠦᠰᠦᠨ ᠱᠠᠲᠤᠨ ᠤ ᠶᠡᠷᠦᠩᠬᠡᠶᠢᠯᠡᠨ ᠵᠠᠰᠠᠬᠤ ᠬᠦᠴᠦᠨ ᠳᠤ ᠲᠦᠰᠢᠭᠯᠡᠨ᠂ ᠣᠷᠣᠨ ᠰᠠᠭᠤᠴᠠ ᠶᠢᠨ ᠵᠢᠵᠢᠭ ᠲᠣᠭᠤᠷᠢᠭ ᠪᠠ ᠵᠢᠵᠢᠭ ᠲᠠᠯᠠᠪᠤᠷ ᠵᠢᠵᠢᠭ ᠨᠢᠭᠡᠴᠡ ᠶᠢᠨ ᠭᠠᠯ ᠰᠡᠷᠭᠡᠶᠢᠯᠡᠬᠦ ᠪᠠᠶᠢᠴᠠᠭᠠᠯᠲᠠ ᠪᠠ ᠤᠬᠠᠭᠤᠯᠭ᠎ᠠ ᠶᠢᠨ ᠰᠠᠨᠠᠭᠤᠯᠤᠮᠵᠢ ᠶᠢ ᠴᠢᠩᠭᠠᠳᠬᠠᠵᠤ᠂ ᠢᠯᠠᠩᠭᠤᠶ᠎ᠠ ᠠᠳᠠᠯ ᠠᠬᠤᠶ ᠶᠢᠨ ᠬᠠᠮᠢᠶᠠᠷᠤᠯᠲᠠ ᠶᠢᠨ ᠨᠢᠭᠡᠴᠡ ᠥᠬᠡᠶ ᠪᠠᠶᠢᠪᠠᠯ᠂ ᠦᠨᠳᠦᠰᠦᠨ ᠱᠠᠲᠤᠨ ᠤ ᠲᠣᠤᠷ ᠤᠨ ᠬᠦᠴᠦᠨ ᠢ ᠵᠣᠬᠢᠶᠠᠨ ᠪᠠᠶᠢᠭᠤᠯᠤᠨ ᠰᠠᠬᠢᠨ‌ᠵᠢᠵᠢᠭᠦᠷᠯᠡᠬᠦ ᠶᠢ ᠨᠠᠶᠢᠳᠠᠪᠤᠷᠢᠵᠢᠭᠤᠯᠵᠤ᠂ ︽ᠭᠤᠷᠪᠠ ᠶᠢ ᠴᠡᠪᠡᠷᠯᠡᠬᠦ ᠭᠤᠷᠪᠠᠨ ᠪᠣᠭᠤᠮᠲᠠ︾ ︽ᠭᠤᠷᠪᠠᠨ ᠲᠤᠰᠬᠠᠶ ᠲᠥᠷᠥᠯ ᠨᠢᠭᠡ ᠪᠣᠯᠪᠠᠰᠤᠷᠠᠭᠤᠯᠤᠯ︾ ᠤᠨ ᠠᠵᠢᠯ ᠢ ᠬᠡᠪ ᠤᠨ ᠪᠠᠶᠢᠳᠠᠯ ᠢᠶᠠᠷ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠬᠤ ᠶᠢ ᠬᠡᠷᠡᠭᠵᠢᠭᠦᠯᠬᠦ ᠬᠡᠷᠡᠭᠲᠡᠶ᠃    ᠭᠤᠷᠪᠠ᠂ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠬᠡᠷᠡᠭᠲᠡᠶ    ᠲᠣᠰ ᠡᠳᠦᠷ ᠠᠴᠠ ᠡᠬᠢᠯᠡᠨ 2024 ᠣᠨ ᠤ 5 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠵᠢᠯ ᠤᠨ ᠡᠴᠦᠰ ᠵᠢᠯ ᠤᠨ ᠡᠬᠢᠨ ᠤ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠵᠦᠢᠯ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠦᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠬᠤᠳᠠᠯᠳᠤᠭᠠᠨ ᠤ ᠲᠠᠯᠠᠪᠤᠷ ᠤᠨ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ ᠬᠤᠭᠤᠯᠠᠨ ᠬᠡᠷ᠂ ᠢᠳᠡᠭᠡᠨ ᠤᠮᠳᠠᠭᠠᠨ ᠵᠤᠭ᠎ᠠ ᠴᠡᠩᠭᠡᠯ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠠᠷᠠᠳ ᠤᠨ ᠪᠠᠭᠤᠳᠠᠯ ᠵᠣᠴᠢᠳ ᠤᠨ ᠪᠠᠭᠤᠳᠠᠯ᠂ ᠰᠣᠶᠣᠯ ᠦᠵᠡᠰᠬᠦᠯᠡᠩ ᠤᠨ ᠨᠢᠭᠡᠴᠡ ᠵᠡᠷᠭᠡ ᠠᠶᠠᠨᠴᠢᠳ ᠲᠥᠪᠯᠡᠷᠡᠭᠰᠡᠨ ᠭᠠᠵᠠᠷ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠵᠤ᠂ ᠨᠢᠭᠡᠴᠡ ᠶᠢ ᠰᠢᠮᠳᠠᠭᠤᠯᠵᠤ ᠪᠠᠶᠢᠭᠠᠳ ᠴᠠᠬᠢᠯᠭᠠᠨ ᠡᠭᠦᠰᠭᠡᠭᠴᠢ ᠶᠢᠨ ᠭᠠᠯ ᠤᠨ ᠢᠷᠡᠯᠲᠡ ᠶᠢ ᠰᠠᠶᠢᠲᠤᠷ ᠬᠠᠮᠢᠶᠠᠷᠴᠤ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠵᠢᠵᠢᠭᠦᠷᠯᠡᠵᠦ ᠲᠣᠭᠤᠷᠢᠨ ᠪᠠᠶᠢᠴᠠᠭᠠᠬᠤ ᠬᠦᠴᠦᠨ ᠢ ᠨᠠᠶᠢᠳᠠᠪᠤᠷᠢᠵᠢᠭᠤᠯᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠭᠠᠯ ᠤᠨ ᠠᠶᠤᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠦᠢᠯᠡᠳᠪᠦᠷᠢ ᠶᠢᠨ ᠭᠡᠷ ᠪᠠᠶᠢᠰᠢᠩ ᠤᠨ ᠠᠵᠤ ᠠᠬᠤᠶᠢᠯᠠᠯ᠂ ᠪᠠᠷᠠᠭ᠎ᠠ ᠶᠢᠨ ᠭᠦᠢᠯᠭᠡᠭᠡᠨ ᠤ ᠬᠥᠮᠥᠷᠭᠡᠯᠡᠬᠦ᠂ ᠡᠮᠨᠡᠯᠭᠡ ᠶᠢᠨ ᠬᠤᠷᠢᠶ᠎ᠠ ᠂ ᠰᠤᠷᠭᠠᠭᠤᠯᠢ᠂ ᠨᠠᠰᠤᠵᠢᠯ ‍ᠤᠨ‌ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠭᠠᠵᠠᠷ ᠲᠠᠯᠠᠪᠤᠷ ᠢ ᠴᠢᠩᠭ᠎ᠠ ᠠᠩᠬᠠᠷᠴᠤ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠦᠨ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠥᠭᠡᠢ ᠪᠠ ᠨᠣᠴᠣᠮᠠᠲᠠᠭᠠᠶ ᠮᠠᠲ᠋ᠧᠷᠢᠶᠠᠯ  ᠢ  ᠴᠢᠮᠡᠭᠯᠡᠬᠦ᠂ ᠭᠠᠯ ᠤᠨᠲᠠᠷᠠᠭᠠᠬᠤ ᠨᠡᠪᠳᠡᠷᠡᠯ ᠵᠠᠮ ᠢ ᠡᠵᠡᠯᠡᠨ ᠬᠡᠷᠡᠭᠯᠡᠵᠦ ᠪᠥᠭᠯᠡᠬᠦ᠂ ᠲᠥᠷᠢᠮ ᠢ ᠵᠥᠷᠢᠴᠡᠨ ᠪᠠᠷᠢᠯᠭ᠎ᠠ ᠶᠢᠨ ᠠᠵᠢᠯ ᠬᠢᠬᠦ ᠵᠡᠷᠭᠡ ᠲᠤᠪᠤᠶᠢᠮ᠎ᠠ ᠠᠰᠠᠭᠤᠳᠠᠯ  ᠢ ᠭᠤᠣᠯᠳᠠᠯᠭ᠎ᠠ ᠲᠠᠢ ᠴᠡᠭᠴᠡᠯᠡᠨ ᠵᠠᠰᠠᠬᠤ ᠬᠡᠷᠡᠭᠲᠡᠶ᠃ ᠥᠨᠳᠥᠷ ᠳᠠᠪᠬᠤᠷᠭ᠎ᠠ ᠶᠢᠨ ᠣᠷᠣᠨ ᠰᠠᠭᠤᠴᠠ᠂ ᠬᠠᠭᠤᠴᠢᠨ ᠵᠢᠵᠢᠭ ᠲᠣᠭᠤᠷᠢᠭ᠂ ᠬᠠᠭᠤᠴᠢᠨ ᠭᠡᠷ ᠪᠠᠶᠢᠰᠢᠩ ᠤᠨ ᠲᠣᠭᠤᠷᠢᠭ ᠪᠣᠯᠤᠨ ᠵᠡᠭᠡᠯᠢ ᠳᠠᠭᠠᠤ ᠳᠡᠯᠭᠡᠭᠦᠷ᠂ ︽ᠤᠯᠠᠨ ᠢ ᠨᠢᠭᠡᠳᠬᠡᠭᠰᠡᠨ︾ ᠵᠡᠷᠭᠡ ᠰᠠᠨᠠᠭ᠎ᠠ ᠠᠮᠤᠷ ᠦᠭᠡᠢ ᠭᠠᠵᠠᠷ ᠣᠷᠣᠨ ᠢ ᠴᠢᠩᠭ᠎ᠠ ᠠᠩᠬᠠᠷᠴᠤ᠂ ᠲᠣᠭᠤᠷᠢᠨ ᠪᠠᠶᠢᠴᠠᠭᠠᠬᠤ ᠠᠵᠢᠯ ᠢᠶᠠᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠬᠥᠮᠦᠨ ᠰᠠᠭᠤᠬᠤ᠂ ᠲᠣᠭᠲᠠᠭᠠᠯ ᠠᠴᠠ ᠵᠥᠷᠢᠴᠡᠨ ᠭᠠᠯ ᠴᠠᠬᠢᠯᠭᠠᠨ ᠬᠡᠷᠡᠭᠯᠡᠬᠦ ᠵᠡᠷᠭᠡ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ ᠬᠤᠷᠢᠭᠯᠠᠵᠤ᠂ ᠢᠯᠠᠩᠭᠤᠶ᠎ᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ ᠪᠠᠨ ᠵᠣᠭᠰᠣᠭᠠᠭᠰᠠᠨ ᠵᠢᠴᠢ ᠴᠠᠬᠢᠯᠭᠠᠨ ᠬᠤᠷᠢᠶᠠᠭᠤᠷ ᠢ ᠭᠡᠷ ᠲᠤ ᠣᠷᠣᠭᠤᠯᠵᠤ ᠴᠠᠬᠢᠯᠭᠠᠨ ᠴᠡᠨᠡᠭᠯᠡᠭᠰᠡᠨ ᠵᠡᠷᠭᠡ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ  ᠰᠢᠢᠳᠪᠦᠷᠢᠯᠡᠵᠦ᠂ ᠴᠡᠪᠡᠷᠯᠡᠨ ᠠᠷᠢᠯᠭᠠᠵᠤ᠂ ᠬᠤᠷᠢᠭᠯᠠᠨ ᠵᠣᠭᠰᠣᠭᠠᠵᠤ᠂ ᠡᠪᠦᠯ ᠤᠨ ᠤᠯᠠᠷᠢᠯ  ᠤᠨ ᠳᠤᠯᠠᠭᠠᠯᠠᠯᠭ᠎ᠠ ᠶᠢ ᠣᠨᠴᠣᠭᠤᠶ ᠴᠢᠬᠤᠯᠠᠴᠢᠯᠠᠨ᠂ ᠳᠤᠯᠠᠭᠠᠯᠠᠯᠭ᠎ᠠ ᠶᠢᠨ ᠲᠥᠬᠦᠭᠡᠷᠦᠮᠵᠢ ᠶᠢ ᠪᠣᠯᠭᠤᠮᠵᠢᠲᠠᠶ ᠰᠣᠩᠭᠤᠬᠤ ᠶᠢᠨ ᠬᠠᠮᠲᠤ ᠵᠦᠢ ᠵᠣᠬᠢᠰᠲᠠᠶ ᠬᠡᠷᠡᠭᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠲᠥᠬᠦᠭᠡᠷᠦᠮᠵᠢ ᠶᠢ ᠬᠠᠮᠠᠭᠠᠯᠠᠨ᠂ ᠠᠶᠤᠯ ᠥᠭᠡᠢ ᠶᠢᠨ ᠵᠠᠶ ᠶᠢ ᠪᠠᠲᠤᠯᠠᠵᠤ᠂ ᠴᠠᠬᠢᠯᠭᠠᠨ ᠤᠲᠠᠰᠤᠨ ᠤ ᠬᠡᠳᠤ ᠠᠴᠢᠶᠠᠯᠠᠬᠤ ᠵᠡᠷᠭᠡ ᠠᠰᠠᠭᠤᠳᠠᠯ ᠢ ᠰᠡᠷᠭᠡᠶᠢᠯᠡᠵᠦ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠲᠦᠭᠰᠢᠭᠦᠷᠢ ᠶᠢ ᠦᠨᠡᠨᠬᠦ ᠪᠠᠭᠤᠷᠠᠭᠤᠯᠬᠤ ᠬᠡᠷᠡᠭᠲᠡᠶ᠃ ᠭᠠᠯ ᠰᠡᠷᠭᠡᠶᠢᠯᠡᠬᠦ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠰᠠᠷ᠎ᠠ ᠪᠦᠷᠢ ᠶᠢᠨ 28 ᠤ ᠡᠳᠦᠷ ᠠᠴᠠ ᠡᠮᠦᠨ᠎ᠡ ᠠᠵᠢᠯ ᠢᠶᠠᠨ ᠥᠷᠨᠢᠭᠦᠯᠦᠭᠰᠡᠨ ᠪᠠᠶᠢᠳᠠᠯ ᠢᠶᠠᠨ ᠬᠤᠲᠠ ᠶᠢᠨ ᠵᠠᠰᠠᠭ ᠤᠨ ᠣᠷᠳᠣᠨ ᠳᠤ ᠪᠢᠴᠢᠭ ᠢᠶᠠᠷ ᠮᠡᠳᠡᠭᠦᠯᠦᠨ ᠬᠦᠷᠭᠡᠬᠦ ᠬᠡᠷᠡᠭᠲᠡᠶ᠃    ᠲᠥᠷᠪᠡ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠡᠯᠡᠳᠬᠡᠯ  ᠢ ᠴᠢᠩᠭᠠᠷᠠᠭᠤᠯᠬᠤ ᠬᠡᠷᠡᠭᠲᠡᠶ    ᠤᠳᠤᠷᠢᠳᠤᠯᠭ᠎ᠠ ᠡᠭᠡᠯᠵᠢ ᠳᠠᠭᠠᠭᠤᠯᠬᠤ ᠵᠢᠴᠢ  ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠢᠵᠢᠭᠦᠷᠯᠡᠬᠦ ᠬᠦᠴᠦᠨ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠭᠠᠯ ᠤᠨᠲᠠᠷᠠᠭᠠᠬᠤ ᠦᠢᠯᠡᠴᠢᠯᠡᠭᠡᠨ ᠤ ᠲᠥᠪ᠂ ᠲᠤᠰᠬᠠᠶ ᠲᠤᠰᠢᠶᠠᠯᠲᠤ ᠭᠠᠯ ᠤᠨᠲᠠᠷᠠᠭᠠᠬᠤ ᠠᠩᠭᠢ᠂ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠠᠩᠬ᠎ᠠ ᠡᠭᠦᠰᠦᠭᠰᠡᠨ ᠭᠠᠯ ᠤᠨᠲᠠᠷᠠᠭᠠᠬᠤ ᠪᠠ ᠬᠥᠮᠦᠰ ᠢ ᠲᠠᠷᠬᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠴᠢᠮ ᠪᠠᠶᠢᠳᠠᠯ ᠢ ᠠᠷᠭᠠᠴᠠᠬᠤ ᠳᠤ ᠠᠪᠤᠷᠠᠨ ᠲᠤᠰᠠᠯᠠᠬᠤ ᠬᠦᠴᠦᠨ ᠢ ᠳᠠᠷᠦ᠋ᠢᠬᠠᠨ ᠬᠥᠳᠡᠯᠬᠦ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ ᠵᠢᠯᠣᠭᠤᠳᠴᠤ᠂ ᠠᠮᠤᠷ ᠲᠦᠪᠰᠢᠨ ᠤ ᠰᠠᠨᠠᠭᠤᠯᠤᠮᠵᠢ᠂ ᠰᠢᠢᠳᠪᠦᠷᠢᠯᠡᠬᠦ ᠭᠤᠤᠯᠳᠠᠯᠭ᠎ᠠ ᠶᠢ ᠴᠠᠭ ᠲᠤᠬᠠᠶ ᠳᠤᠨᠢ ᠬᠦᠷᠭᠡᠵᠦ᠂ ᠠᠮᠤᠷ ᠲᠦᠪᠰᠢᠨ ᠤ ᠳᠠᠯᠳᠠ ᠲᠦᠭᠰᠢᠭᠦᠷᠢ ᠶᠢ ᠦᠨᠡᠨᠬᠦ ᠡᠵᠡᠮᠰᠢᠬᠦ ᠶᠢᠨ ᠬᠠᠮᠲᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠭᠠᠮᠰᠢᠭ ᠤᠨ ᠠᠳᠡᠯ ᠤᠨ ᠲᠤᠬᠠᠶ ᠶᠢᠨ ᠲᠠᠯᠠᠪᠤᠷ ᠲᠤ ᠲᠣᠭᠲᠠᠭᠠᠯ ᠶᠣᠰᠣᠭᠠᠷ ᠠᠮᠤᠷ ᠲᠦᠪᠰᠢᠨ ᠤ ᠠᠵᠢᠯᠲᠠᠨ ᠪᠠ ᠪᠠᠴᠢᠮ ᠠᠪᠤᠷᠠᠨ ᠲᠤᠰᠠᠯᠠᠬᠤ ᠳᠤᠭᠤᠶᠢᠯᠠᠩ ᠪᠠᠶᠢᠭᠤᠯᠵᠤ᠂ ᠲᠡᠶᠢᠨ ᠳᠤ ᠣᠷᠣᠯᠴᠠᠭᠰᠠᠨ ᠪᠣᠶ ᠪᠥᠬᠦᠶ ᠬᠥᠮᠦᠰ ᠠᠵᠢᠯᠯᠠᠬᠤ ᠲᠦᠷᠢᠮ ᠢ ᠴᠢᠩᠭ᠎ᠠ ᠵᠢᠷᠤᠮᠯᠠᠨ᠂ ᠬᠥᠩᠭᠡᠨ ᠬᠠᠭᠤᠮᠠᠭᠠᠶ ᠪᠠᠷ ᠠᠵᠢᠯᠯᠠᠬᠤ᠂ ᠭᠡᠨᠡᠨ ᠢᠶᠠᠷ ᠠᠵᠢᠯᠯᠠᠬᠤ᠂ ᠶᠠᠳᠠᠷᠠᠭ᠎ᠠ ᠲᠠᠢ ᠪᠠᠷ ᠪᠠᠶᠢᠯᠳᠤᠬᠤ ᠶᠢ ᠴᠢᠩᠭ᠎ᠠ ᠰᠡᠷᠭᠡᠶᠢᠯᠡᠵᠦ᠂ ᠵᠢᠯᠣᠭᠤᠳᠣᠭᠴᠢ ᠪᠠᠶᠢᠯᠳᠤᠭᠴᠢᠳ ᠤᠨ ᠪᠠᠶᠢᠯᠳᠤᠭᠠᠨ ᠳᠤ ᠥᠭᠦᠵᠦ ᠰᠢᠷᠬᠠᠲᠤᠬᠤ ᠶᠢ ᠡᠷᠡᠰ ᠰᠡᠷᠭᠡᠶᠢᠯᠡᠬᠦ ᠬᠡᠷᠡᠭᠲᠡᠶ᠃    ᠲᠠᠪᠤ᠂ ᠭᠠᠯ ᠤᠨᠲᠠᠷᠠᠭᠠᠬᠤ ᠰᠢᠨᠵᠢᠯᠡᠬᠦ ᠤᠬᠠᠭᠠᠨ ᠶᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠶ    ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠭᠠᠭᠴᠠᠭᠠᠷ ᠰᠠᠭᠤᠭ᠎ᠠ᠂ ᠥᠨᠥᠴᠢᠨ ᠪᠡᠯᠪᠡᠰᠦᠨ ᠨᠠᠰᠤᠲᠠᠨ ᠢᠯᠠᠩᠭᠤᠶ᠎ᠠ ᠴᠢᠳᠠᠪᠤᠷᠢ ᠪᠠᠨ ᠠᠯᠳᠠᠭᠰᠠᠨ ᠬᠥᠮᠦᠰ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠃ ᠭᠠᠯ ᠤᠨᠲᠠᠷᠠᠭᠠᠬᠤ ᠤᠬᠠᠭᠤᠯᠭ᠎ᠠ ᠶᠢᠨ ︽ᠲᠠᠪᠤ ᠶᠢ ᠠᠬᠢᠭᠤᠯᠬᠤ︾ ᠶᠢ ᠯᠠᠪᠳᠠᠭᠤᠨ ᠪᠠᠲᠤᠲᠠᠶ ᠠᠬᠢᠭᠤᠯᠵᠤ᠂ ᠬᠥᠳᠡᠭᠡ ᠲᠣᠰᠬᠤᠨ ᠤ ᠲᠣᠮᠣ ᠪᠦᠷᠢᠶ᠎ᠡ᠂ ᠬᠡᠷ ᠤᠨ ᠭᠠᠳᠠᠨᠠᠬᠢ ᠡᠯᠧᠺᠲᠷᠣᠨ ᠳᠡᠯᠭᠡᠴᠡ᠂ ᠸᠢᠴᠠᠲ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠵᠢᠴᠢ ︽ᠶᠢᠰᠦᠨ ᠵᠢᠵᠢᠭ︾ ᠲᠠᠯᠠᠪᠤᠷ ᠭᠠᠵᠠᠷ᠂ ᠲᠣᠰᠬᠤᠨ ᠤ ᠠᠷᠠᠳ ᠤᠨ ᠥᠪᠡᠰᠦᠪᠡᠨ ᠪᠠᠷᠢᠭᠰᠠᠨ ᠬᠡᠷ ᠪᠠᠶᠢᠰᠢᠩ᠂ ᠥᠨᠳᠥᠷ ᠪᠠᠷᠢᠯᠭ᠎ᠠ᠂ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠵᠡᠷᠭᠡ ᠭᠠᠯ ᠤᠨ ᠭᠠᠮᠰᠢᠭ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠢᠴᠡᠳ‌ᠠᠰᠢᠭᠯᠠᠬᠤ ᠬᠡᠷᠡᠭᠲᠡᠶ᠃ ᠲᠣᠰᠬᠤᠨ ᠤ ᠠᠷᠠᠳ ᠤᠨ ᠥᠪᠡᠰᠦᠪᠡᠨ ᠲᠦᠷᠢᠶᠡᠰᠦᠨ ᠬᠡᠷ ᠪᠠᠶᠢᠰᠢᠩ᠂ ᠵᠡᠭᠡᠯᠢ ᠳᠠᠭᠠᠤ ᠶᠢᠨ ᠡᠭᠦᠳᠡᠨ ᠳᠡᠯᠭᠡᠭᠦᠷ ᠪᠠᠶᠢᠭᠤᠯᠬᠤ ᠵᠡᠷᠭᠡ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠤᠯᠤᠰ ᠤᠨ ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ ᠪᠡᠯᠡᠳᠬᠡᠮᠵᠢ ᠶᠢᠨ ᠪᠠᠭᠠᠵᠢ ᠬᠡᠷᠡᠭᠰᠡᠯ ᠳᠣᠭᠢᠷᠠᠭᠤᠯᠵᠤ᠂ ᠬᠠᠮᠠᠭᠠᠯᠠᠬᠤ᠂ ᠠᠷᠠᠴᠢᠯᠠᠨ ᠬᠠᠮᠠᠭᠠᠯᠠᠬᠤ᠂ ᠪᠠᠶᠢᠴᠠᠭᠠᠨ ᠬᠡᠮᠵᠢᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠨ᠂ ᠠᠵᠢᠯᠲᠠᠨ ᠤ ᠭᠠᠯ ᠤᠨᠲᠠᠷᠠᠭᠠᠬᠤ ᠪᠣᠯᠪᠠᠰᠤᠷᠠᠭᠤᠯᠤᠯ ᠢ ᠴᠢᠩᠭᠠᠳᠬᠠᠵᠤ᠂ ᠭᠠᠯ ᠤᠨᠲᠠᠷᠠᠭᠠᠬᠤ ᠪᠣᠳᠠᠲᠤ ᠰᠣᠷᠢᠯᠲᠠ ᠶᠢ ᠴᠢᠩᠭᠠᠷᠠᠭᠤᠯᠤᠨ᠂ ᠠᠩᠬ᠎ᠠ ᠡᠭᠦᠰᠦᠭᠰᠡᠨ ᠭᠠᠯ ᠤᠨ ᠭᠠᠮᠰᠢᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ     ᠡᠭᠦᠨ ᠤ ᠲᠤᠯᠠ ᠮᠡᠳᠡᠭᠳᠡᠪᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ