ᠳ᠋ᠠ ᠾᠧ ᠸᠠᠨ ᠪᠠᠯᠭᠠᠰᠤ ᠨᠤᠲᠤᠭ ᠲᠠᠭᠠᠨ ᠪᠤᠴᠠᠭᠰᠠᠨ ᠤᠶᠤᠲᠠᠳ ᠤᠨ ᠲᠤᠰᠬᠠᠶ ᠲᠥᠷᠥᠯ ᠤᠨ ᠴᠡᠷᠢᠭ ᠡᠯᠰᠡᠬᠦ ᠤᠬᠠᠭᠤᠯᠭ᠎ᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/1/16
    ᠡᠪᠦᠯ ᠤᠨ ᠠᠮᠠᠷᠠᠯᠲᠠ ᠬᠦᠷᠴᠦ ᠢᠷᠡᠬᠦ ᠶᠢ ᠳᠠᠭᠠᠯᠳᠤᠨ᠂ ᠮᠠᠰᠢ ᠣᠯᠠᠨ ᠤᠶᠤᠲᠠᠳ ᠥᠪᠡᠷ ᠤᠨ ᠨᠤᠲᠤᠭ ᠲᠠᠭᠠᠨ ᠪᠤᠴᠠᠭᠰᠠᠨ ᠪᠠᠶᠢᠨ᠎ᠠ᠃ ᠨᠡᠩ ᠤᠯᠠᠨ ᠤᠶᠤᠲᠠᠳ ᠤᠨ ᠴᠡᠷᠢᠭ ᠠᠩᠬᠢ ᠳᠤ ᠣᠷᠣᠯᠴᠠᠬᠤ ᠶᠢ ᠵᠣᠷᠢᠭᠵᠢᠭᠤᠯᠵᠤ᠂ ᠤᠯᠤᠰ ᠤᠨ ᠠᠮᠤᠷ ᠲᠦᠪᠰᠢᠨ ᠪᠠ ᠢᠷᠠᠭᠤ ᠠᠯᠳᠠᠷ ᠲᠤ ᠬᠤᠪᠢ ᠨᠡᠮᠡᠷᠢ ᠦᠵᠡᠭᠦᠯᠬᠦ ᠶᠢᠨ ᠲᠥᠯᠥᠭᠡ᠂ ᠳ᠋ᠠ ᠾᠧ ᠸᠠᠨ ᠪᠠᠯᠭᠠᠰᠤ ᠶᠢᠨ ᠬᠢᠨ ᠨᠤᠲᠤᠭ ᠲᠠᠭᠠᠨ ᠪᠤᠴᠠᠭᠰᠠᠨ ᠤᠶᠤᠲᠠᠳ ᠤᠨ ᠲᠤᠰᠬᠠᠢ ᠲᠦᠷᠦᠯ ᠤᠨ ᠴᠡᠷᠢᠭ ᠡᠯᠰᠡᠬᠦ ᠤᠬᠠᠭᠤᠯᠭ᠎ᠠ ᠶᠢᠨ ᠠᠵᠢᠯ ᠢ ᠢᠳᠡᠪᠬᠢᠲᠡᠢ ᠥᠷᠨᠢᠭᠦᠯᠵᠡᠢ᠃     ᠳ᠋ᠠ ᠾᠧ ᠸᠠᠨ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠯᠢᠦ ᠶᠤᠸᠠᠨ ᠯᠢ ᠠᠵᠢᠯᠲᠠᠳ ᠢᠶᠠᠨ ᠳᠠᠭᠠᠭᠤᠯᠤᠨ ᠡᠷᠦᠬᠡ ᠳᠤ ᠬᠦᠷᠴᠦ ᠰᠤᠷᠪᠤᠯᠵᠢᠯᠠᠬᠤ ᠪᠠᠷ ᠲᠠᠮᠵᠢᠨ ᠤᠶᠤᠲᠠᠳ ᠲᠠᠢ ᠨᠢᠭᠤᠷᠳᠠᠨ ᠶᠠᠷᠢᠯᠴᠠᠪᠠ᠃ ᠰᠣᠯᠢᠯᠴᠠᠬᠤ ᠶᠠᠪᠤᠴᠠ ᠳᠤ ᠴᠡᠷᠢᠭ ᠠᠩᠬᠢ ᠶᠢᠨ ᠢᠷᠠᠭᠤ ᠠᠯᠳᠠᠷ ᠪᠠ ᠡᠭᠦᠷᠭᠡ ᠬᠠᠷᠢᠭᠤᠴᠠᠯᠭ᠎ᠠ ᠶᠢ ᠭᠤᠣᠯᠳᠠᠯᠭ᠎ᠠ ᠲᠠᠢ ᠪᠠᠷ ᠲᠠᠨᠢᠯᠴᠠᠭᠤᠯᠵᠤ᠂ ᠤᠶᠤᠲᠠᠳ ᠤᠨ ᠴᠡᠷᠢᠭ ᠠᠩᠬᠢ ᠳᠠᠬᠢ ᠴᠢᠬᠤᠯᠠ ᠪᠠᠶᠢᠷᠢ ᠰᠠᠭᠤᠷᠢ ᠪᠠ ᠦᠢᠯᠡᠳᠦᠯ ᠢ ᠴᠢᠬᠤᠯᠠᠴᠢᠯᠠᠵᠤ ᠂ ᠲᠡᠳᠡᠨ ᠢ ᠢᠳᠡᠪᠬᠢᠲᠡᠶ ᠪᠠᠷ ᠴᠡᠷᠢᠭ ᠲᠤ ᠣᠷᠣᠵᠤ ᠤᠯᠤᠰ ᠤᠨ ᠢᠶᠠᠨ ᠲᠥᠯᠥᠭᠡ ᠵᠢᠳᠬᠦᠵᠦ᠂ ᠤᠯᠤᠰ ᠣᠷᠣᠨ ᠤ ᠠᠮᠤᠷ ᠲᠦᠪᠰᠢᠨ ᠪᠠ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠬᠦ ᠶᠢ ᠵᠣᠷᠢᠭᠵᠢᠭᠤᠯᠪᠠ᠃ ᠠᠵᠢᠯᠲᠠᠳ ᠨᠤᠲᠤᠭ ᠲᠠᠭᠠᠨ ᠪᠤᠴᠠᠭᠰᠠᠨ ᠤᠶᠤᠲᠠᠳ ᠲᠠᠢ ᠢᠳᠡᠪᠬᠢᠲᠡᠶ ᠪᠠᠷ ᠬᠠᠷᠢᠯᠴᠠᠵᠤ᠂ ᠲᠡᠳᠡᠨ ᠤ ᠴᠡᠷᠢᠭ ᠠᠩᠭᠢ ᠪᠠ ᠴᠡᠷᠢᠭ ᠲᠤ ᠣᠷᠣᠬᠤ ᠲᠤᠬᠠᠶ ᠬᠤᠯᠪᠣᠭᠳᠠᠯ ᠪᠥᠬᠦᠶ ᠠᠰᠠᠭᠤᠯᠲᠠ ᠳᠤ ᠬᠠᠷᠢᠭᠤᠯᠲᠠ ᠥᠭᠴᠦ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃     ᠲᠣᠰ ᠤᠳᠠᠭ᠎ᠠ ᠨᠤᠲᠤᠭ ᠲᠠᠭᠠᠨ ᠪᠤᠴᠠᠭᠰᠠᠨ ᠤᠶᠤᠲᠠᠳ ᠤᠨ ᠴᠡᠷᠢᠭ ᠡᠯᠰᠡᠬᠦ ᠲᠤᠰᠬᠠᠶ ᠤᠬᠠᠭᠤᠯᠭ᠎ᠠ ᠶᠢᠨ ᠠᠵᠢᠯ ᠢᠯᠡᠳᠲᠡ ᠦᠷ᠎ᠡ ᠪᠦᠲᠦᠮᠵᠢ ᠣᠯᠤᠭᠰᠠᠨ ᠶᠠᠪᠤᠳᠠᠯ ᠳᠤ ᠴᠢᠭᠯᠡᠭᠦᠯᠦᠨ᠂ ᠤᠬᠠᠭᠤᠯᠭ᠎ᠠ ᠪᠠᠷ ᠳᠠᠮᠵᠢᠭᠤᠯᠤᠨ ᠴᠡᠷᠢᠭ ᠠᠩᠭᠢ ᠶᠢᠨ ᠢᠷᠠᠭᠤ ᠠᠯᠳᠠᠷᠲᠤ ᠲᠡᠤᠬᠡ ᠪᠠ ᠴᠡᠷᠢᠭ ᠲᠤ ᠣᠷᠣᠬᠤ ᠶᠢᠨ ᠴᠢᠬᠤᠯᠠ ᠠᠴᠢ ᠬᠤᠯᠪᠣᠭᠳᠠᠯ ᠢ ᠣᠶᠢᠯᠠᠭᠠᠵᠤ᠂ ᠤᠯᠤᠰ ᠣᠷᠣᠨ ᠪᠠ ᠠᠷᠠᠳ ᠲᠦᠮᠡᠨ ᠤ ᠠᠮᠤᠷ ᠲᠦᠪᠰᠢᠨ ᠤ ᠲᠥᠯᠥᠭᠡ ᠥᠪᠡᠷ ᠤᠨ ᠬᠦᠴᠦᠨ ᠴᠢᠳᠠᠯ ᠢᠶᠠᠨ ᠡᠷᠭᠦᠬᠦ ᠳᠤᠷᠠᠲᠠᠶ ᠪᠠᠶᠢᠨ᠎ᠠ ᠭᠡᠵᠦ ᠨᠤᠲᠤᠭ ᠲᠠᠭᠠᠨ ᠪᠤᠴᠠᠭᠰᠠᠨ ᠮᠠᠰᠢ ᠣᠯᠠᠨ ᠤᠶᠤᠲᠠᠳ ᠢᠯᠡᠷᠬᠡᠶᠢᠯᠡᠵᠡᠶ᠃ ᠡᠭᠦᠨ ᠤ ᠵᠡᠷᠭᠡ ᠳᠤ ᠪᠠᠰᠠ ᠲᠡᠳᠡᠨ ᠤ ᠨᠤᠲᠤᠭ ᠤᠰᠤᠨ ᠳᠠᠭᠠᠨ ᠬᠠᠷᠢᠶᠠᠯᠠᠭᠳᠠᠬᠤ ᠰᠡᠳᠬᠢᠯᠭᠡ ᠪᠠ ᠢᠷᠠᠭᠤ ᠠᠯᠳᠠᠷ ᠤᠨ ᠰᠡᠳᠬᠢᠯᠭᠡ ᠶᠢ ᠨᠡᠮᠡᠭᠳᠡᠭᠦᠯᠦᠭᠰᠡᠨ ᠪᠠᠶᠢᠨ᠎ᠠ᠃     ᠲᠠᠷᠠᠭᠠᠴᠢ ᠶᠢᠨ ᠠᠯᠬᠤᠮ ᠳᠤ᠂ ᠳ᠋ᠠ ᠾᠧ ᠸᠠᠨ ᠪᠠᠯᠭᠠᠰᠤ ᠴᠡᠷᠢᠭ ᠡᠯᠰᠡᠬᠦ ᠤᠬᠠᠭᠤᠯᠭ᠎ᠠ ᠶᠢᠨ ᠠᠵᠢᠯ ᠢᠶᠠᠨ ᠦᠷᠭᠦᠯᠵᠢᠯᠡᠨ ᠴᠢᠩᠭᠠᠳᠬᠠᠵᠤ᠂ ᠤᠶᠤᠲᠠᠳ ᠤᠨ ᠴᠡᠷᠢᠭ ᠠᠩᠭᠢ ᠶᠢᠨ ᠲᠤᠬᠠᠶ ᠲᠠᠨᠢᠯᠲᠠ ᠪᠠ ᠳᠤᠷ᠎ᠠ ᠰᠣᠨᠢᠷᠬᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠬᠦᠰᠡᠯ ᠵᠣᠷᠢᠯᠲᠠ ᠲᠠᠢ ᠵᠠᠯᠠᠭᠤᠴᠤᠳ ᠲᠤ ᠨᠡᠩ ᠤᠯᠠᠨ ᠴᠡᠷᠢᠭ ᠲᠤ ᠣᠷᠣᠬᠤ ᠲᠣᠬᠢᠶᠠᠯ ᠪᠣᠯᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠢᠳᠡᠪᠬᠢᠲᠡᠢ ᠬᠠᠩᠭᠠᠵᠤ᠂ ᠨᠡᠩ ᠤᠯᠠᠨ ᠴᠢᠳᠠᠪᠤᠷᠢᠲᠠᠨ ᠤ ᠴᠡᠷᠢᠭ ᠠᠩᠬᠢ ᠳᠤ ᠣᠷᠣᠯᠴᠠᠬᠤ ᠶᠢ ᠵᠣᠷᠢᠭᠵᠢᠭᠤᠯᠵᠤ᠂ ᠤᠯᠤᠰ ᠤᠨ ᠠᠮᠤᠷ ᠲᠦᠪᠰᠢᠨ ᠪᠣᠯᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ