ᠵᠠᠯᠠᠨ ᠠᠶᠢᠯ ᠬᠤᠲᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/16
1.jpg
2.jpg   
     ᠲᠦᠷᠦᠭᠦᠬᠡᠨ᠂ ᠵᠠᠯᠠᠨ ᠠᠶᠢᠯ ᠬᠤᠲᠠ ᠶᠢᠨ ᠬᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠦ᠋ ᠴᠧᠨ ᠳ᠋ᠦᠩ ᠬᠤᠷᠠᠯ ᠢ ᠡᠷᠭᠢᠯᠡᠵᠦ᠂ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃    ᠬᠤᠷᠠᠯ ᠠᠴᠠ ᠬᠥᠯᠥᠨ ᠪᠤᠶᠢᠷ ᠬᠤᠳᠠ ᠶᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠵᠢᠴᠢ ᠪᠦᠬᠦ ᠬᠤᠳᠠ ᠶᠢᠨ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ 2024 ᠣᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠤᠨ ᠬᠠᠷᠢᠭᠤ ᠮᠡᠳᠡᠭᠦᠯᠦᠯᠲᠡ ᠬᠢᠵᠡᠢ᠃    ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠲᠣᠳᠣᠷᠬᠠᠢ ᠲᠠᠨᠢᠵᠤ᠂ ᠲᠠᠨᠢᠯᠲᠠ ᠪᠠᠨ ᠴᠢᠩᠭᠠᠳᠬᠠᠵᠤ᠂ ᠬᠠᠷᠠᠯᠲᠠ ᠪᠠᠨ ᠴᠢᠩᠭ᠎ᠠ ᠠᠩᠬᠠᠷᠴᠤ᠂ ᠭᠤᠣᠯᠳᠠᠯᠭ᠎ᠠ ᠶᠢ ᠠᠳᠬᠤᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠡᠳᠦᠷ ᠲᠤᠲᠤᠮ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ ᠤᠶᠠᠯᠳᠤᠭᠤᠯᠵᠤ᠂ ᠪᠦᠲᠦᠮᠵᠢᠲᠡᠶ ᠠᠷᠭ᠎ᠠ ᠬᠢᠳᠡᠯ ᠢ ᠲᠦᠷᠢᠮ ᠤᠨ ᠬᠡᠯᠪᠡᠷᠢ ᠪᠠᠷ ᠲᠣᠭᠲᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ ᠱᠠᠯᠠᠪᠳᠠᠭᠤᠯᠤᠨ‌‍ᠪᠠᠶᠢᠴᠠᠭᠠᠬᠤ ᠪᠠᠨ ᠴᠢᠩᠭᠠᠳᠬᠠᠵᠤ᠂ ᠰᠠᠯᠠᠭ᠎ᠠ ᠮᠥᠴᠢᠷ᠂ ᠬᠠᠷᠢᠶ᠎ᠠ ᠣᠷᠣᠨ᠂ ᠨᠢᠭᠡᠴᠡ᠂ ᠬᠤᠪᠢ ᠬᠥᠮᠦᠨ ᠤ ᠡᠷᠡᠭᠦᠯ ᠬᠠᠮᠠᠭᠠᠯᠠᠯ ᠢ ᠡᠭᠦᠳᠬᠦ ᠬᠠᠷᠢᠭᠤᠴᠠᠯᠭ᠎ᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠵᠠᠯᠠᠨ ᠠᠶᠢᠯ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ