︽ᠨᠠᠮ ᠤᠨ ᠪᠠᠶᠢᠭᠤᠯᠤᠯᠲᠠ + ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ︾ ᠨᠢ ᠨᠠᠰᠤᠲᠠᠶᠢᠴᠤᠳ ᠲᠤ ᠦᠢᠯᠡᠴᠢᠯᠡᠬᠦ ᠬᠦᠷᠢᠶ᠎ᠡ ᠴᠠᠷᠠᠭ᠎ᠠ ᠶᠢ ᠥᠷᠭᠡᠳᠬᠡᠨ᠎ᠡ
ᠨᠡᠶᠢᠲᠡᠯᠡᠭᠰᠡᠨ ᠴᠠᠭ᠄
2024/1/16
    ︽ᠲᠠᠨ ᠤ ᠪᠡᠶ᠎ᠡ ᠮᠠᠬᠠᠪᠤᠳ ᠦᠨᠡᠬᠡᠷ ᠰᠠᠶᠢᠨ᠂ ᠣᠶᠤᠨ ᠰᠠᠨᠠᠭᠠᠨ ᠤ ᠪᠠᠶᠢᠳᠠᠯ ᠴᠦ ᠣᠨᠴᠠᠭᠠᠶ ᠰᠠᠶᠢᠨ ᠪᠠᠶᠢᠨ᠎ᠠ︾᠂ ︽ᠪᠢᠳᠡ ᠡᠩ ᠤᠨ ᠦᠶ᠎ᠡ ᠳᠤ ᠨᠡᠶᠢᠭᠡᠮ ᠲᠣᠭᠤᠷᠢᠭ ᠲᠤ ᠪᠡᠶ᠎ᠡ ᠪᠠᠨ ᠪᠤᠯᠪᠠᠰᠤᠷᠠᠭᠤᠯᠵᠦ᠂ ᠬᠠᠭᠤᠴᠢᠨ ᠨᠠᠶᠢᠵᠠ ᠨᠠᠷ ᠲᠠᠢ ᠪᠠᠨ ᠰᠡᠯᠡᠭᠦᠴᠡᠨ ᠠᠯᠬᠤᠯᠠᠬᠤ ᠳᠤᠷᠠᠲᠠᠢ ᠪᠠᠶᠢᠳᠠᠭ︾ ᠁ ᠣᠶᠢᠷ᠎ᠠ ᠶᠢᠨ ᠡᠳᠦᠷ ᠤᠳ ᠲᠤ᠂ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠤ ᠡᠯ᠎ᠡ ᠱᠠᠲᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠭᠡᠰᠢᠭᠦᠨ ᠤ ︽ᠬᠤᠣᠰ ᠨᠡᠷ᠎ᠡ ᠮᠡᠳᠡᠭᠦᠯᠬᠦ︾ ᠵᠡᠷᠭᠡ ᠠᠴᠢᠶᠠᠯᠠᠪᠤᠷᠢ ᠳᠤ ᠲᠦᠰᠢᠭᠯᠡᠨ᠂ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ᠂ ᠡᠷᠭᠢᠨ ᠦᠵᠡᠵᠦ ᠲᠣᠬᠤᠨᠢᠭᠤᠯᠬᠤ ᠠᠵᠢᠯᠯᠠᠭ᠎ᠠ᠂ ᠤᠳᠬ᠎ᠠ ᠤᠷᠠᠯᠢᠭ ᠤᠨ ᠠᠵᠢᠯᠯᠠᠭ᠎ᠠ ᠵᠡᠷᠭᠡ ᠣᠨᠴᠠᠯᠢᠭ ᠢᠶᠠᠷ ᠢᠯᠡ ᠲᠣᠳᠣ᠂ ᠡᠯᠪᠡᠭ ᠪᠠᠶᠠᠯᠢᠭ ᠠᠭᠤᠯᠭ᠎ᠠ ᠪᠦᠬᠦᠢ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠨᠠᠰᠤᠲᠠᠳ ᠢᠶᠠᠨ ᠬᠠᠶᠢᠷᠠᠯᠠᠵᠤ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠶᠡᠭᠡ ᠪᠠᠷ ᠪᠠᠳᠠᠷᠠᠭᠤᠯᠵᠤ᠂ ᠨᠠᠮ ᠤᠨ ᠭᠡᠰᠢᠭᠦᠨ ᠰᠠᠶᠢᠨ ᠳᠤᠷᠠᠴᠤᠳ ᠨᠠᠰᠤᠲᠠᠶᠢᠴᠤᠳ ᠲᠠᠢ ᠨᠢᠭᠡ ᠲᠠᠩᠬᠢᠮ ᠳᠤ ᠬᠤᠷᠠᠨ ᠴᠤᠭᠯᠠᠷᠠᠵᠤ᠂ ᠤᠷᠠᠨ ᠰᠠᠶᠢᠬᠠᠨ ᠤ ᠲᠤᠬᠯᠠᠯᠲᠠ ᠭᠠᠷᠭᠠᠵᠤ᠂ ᠨᠠᠰᠤᠲᠠᠶᠢᠴᠤᠳ ᠲᠤ ᠬᠠᠩᠭᠠᠮᠵᠢᠲᠠᠢ ᠦᠢᠯᠡᠴᠢᠯᠡᠭᠡ ᠬᠠᠩᠭᠠᠨ᠎ᠠ᠃    ︽ᠵᠠᠪᠰᠢᠶᠠᠨ ᠲᠠᠢ ᠪᠣᠯ ᠨᠠᠰᠤᠲᠠᠳ ᠲᠠᠢ ᠦᠷᠭᠦᠯᠵᠢ ᠬᠠᠮᠲᠤ ᠰᠠᠭᠤᠯᠴᠠᠨ ᠵᠣᠭᠤᠭᠳᠠᠳᠠᠭ᠂ ᠲᠡᠳᠡᠨ ᠤ ᠴᠢᠷᠠᠢ ᠳᠡᠭᠡᠷᠡᠬᠢ ᠢᠨᠢᠶᠡᠮᠰᠦᠭᠯᠡᠯ ᠢ ᠦᠵᠡᠬᠦ ᠪᠦᠷᠢ ᠪᠢᠳᠡ ᠮᠥᠷᠥᠨ ᠳᠡᠭᠡᠷᠡᠬᠢ ᠬᠠᠷᠢᠭᠤᠴᠠᠯᠭ᠎ᠠ ᠬᠦᠨᠳᠦ ᠶᠡᠭᠡ ᠭᠡᠳᠡᠭ ᠢᠶᠠᠨ ᠭᠦᠨ ᠣᠶᠢᠯᠠᠭᠠᠳᠠᠭ︾ ᠭᠡᠵᠦ ᠤᠷᠠᠳ ᠤᠨ ᠳᠤᠮᠳᠠᠳᠤ ᠬᠤᠰᠢᠭᠤᠨ ᠤ ᠬᠠᠰᠠᠷ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ᠦ᠋ ᠶᠤᠸᠠᠨ ᠵᠧᠩ ᠬᠡᠯᠡᠨ᠎ᠡ᠃ ᠦᠷᠭᠦᠯᠵᠢ ᠨᠠᠰᠤᠲᠠᠶᠢᠴᠤᠳ ᠲᠠᠢ ᠬᠠᠮᠲᠤ ᠠᠵᠢᠯᠯᠠᠭ᠎ᠠ ᠥᠷᠨᠢᠭᠦᠯᠬᠦ ᠪᠣᠯ ᠤᠷᠠᠳ ᠤᠨ ᠳᠤᠮᠳᠠᠳᠤ ᠬᠤᠰᠢᠭᠤᠨ ᠤ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠤᠯᠭᠠᠬᠤ ᠶᠢ ᠢᠮᠠᠭᠲᠠ ᠪᠠᠷᠢᠮᠲᠠᠯᠠᠵᠤ᠂ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠨᠠᠰᠤᠲᠠᠶᠢᠴᠤᠳ ᠲᠤ ᠦᠢᠯᠡᠴᠢᠯᠡᠬᠦ ᠬᠦᠷᠢᠶ᠎ᠡ ᠴᠠᠷᠠᠭ᠎ᠠ ᠪᠠᠨ ᠥᠷᠭᠡᠳᠬᠡᠬᠦ‍ ᠨᠢᠭᠡ ᠵᠦᠢᠯ ᠤᠨ ᠢᠳᠡᠪᠬᠢᠲᠡᠢ ᠰᠦᠪᠡᠭᠴᠢᠯᠡᠯᠲᠡ ᠪᠣᠯᠣᠨ᠎ᠠ᠃    ᠣᠲᠣ ᠶᠢᠨ ᠪᠠᠶᠢᠭ᠎ᠠ ᠨᠠᠰᠤᠲᠠᠨ ᠢ ᠠᠰᠠᠷᠠᠬᠤ ᠬᠦᠷᠢᠶᠡᠯᠡᠩ᠂ ᠨᠠᠰᠤᠲᠠᠶᠢᠴᠤᠳ ᠤᠨ ᠶᠡᠭᠡ ᠰᠤᠷᠭᠠᠭᠤᠯᠢ᠂ ᠨᠠᠰᠤᠲᠠᠶᠢᠴᠤᠳ ᠤᠨ ᠬᠥᠳᠡᠯᠭᠡᠭᠡᠨ ᠤ ᠲᠥᠪ ᠠᠴᠠ ᠭᠠᠳᠠᠨ᠎ᠠ᠂ ᠤᠷᠠᠳ ᠤᠨ ᠳᠤᠮᠳᠠᠳᠤ ᠬᠤᠰᠢᠭᠤ ᠨᠡᠶᠢᠭᠡᠮ ᠲᠣᠭᠤᠷᠢᠭ ᠢᠶᠠᠷ ᠲᠦᠰᠢᠭ ᠪᠤᠯᠭᠠᠵᠤ᠂ ᠨᠠᠰᠤᠲᠠᠶᠢᠴᠤᠳ ᠤᠨ ᠭᠡᠷ ᠲᠤᠨᠢ ᠬᠦᠷᠴᠦ ᠦᠢᠯᠡᠴᠢᠯᠡᠬᠦ ᠪᠠᠷ ᠰᠠᠭᠤᠷᠢ ᠪᠣᠯᠭᠠᠨ᠂ ᠨᠠᠮ ᠤᠨ ᠭᠡᠰᠢᠭᠦᠨ ᠰᠠᠶᠢᠨ ᠳᠤᠷᠠᠴᠤᠳ ᠤᠨ ᠦᠢᠯᠡᠴᠢᠯᠡᠭᠡ ᠪᠠᠷ ᠨᠥᠬᠦᠪᠦᠷᠢ ᠪᠤᠯᠭᠠᠵᠤ᠂ ᠣᠯᠠᠨ ᠶᠠᠩᠵᠤ ᠶᠢᠨ ︽ᠨᠠᠮ ᠤᠨ ᠪᠠᠶᠢᠭᠤᠯᠤᠯᠲᠠ + ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ︾ ᠶᠢᠨ ᠰᠢᠨ᠎ᠡ ᠲᠠᠪᠴᠠᠩ ᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠨᠠᠰᠤᠲᠠᠶᠢᠴᠤᠳ ᠲᠤ ᠦᠢᠯᠡᠴᠢᠯᠡᠬᠦ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠨᠠᠰᠤᠲᠠᠶᠢᠴᠤᠳ ᠲᠤ ᠦᠢᠯᠡᠴᠢᠯᠡᠬᠦ ᠶᠢ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠬᠢᠵᠦ᠂ ᠨᠠᠰᠤᠲᠠᠶᠢᠴᠤᠳ ᠤᠨ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠨᠠᠮ ᠤᠨ ᠭᠡᠰᠢᠭᠦᠨ ᠰᠠᠶᠢᠨ ᠳᠤᠷᠠᠴᠤᠳ ᠠᠭᠠᠵᠢᠮ ᠢᠶᠠᠷ ᠰᠠᠭᠤᠭᠠᠯᠢ ᠠᠷᠠᠳ ᠤᠨ ᠰᠡᠳᠬᠢᠯ ᠳᠠᠬᠢ ︽ᠳᠣᠲᠣᠨᠣ ᠬᠥᠮᠥᠨ︾ ᠪᠣᠯᠪᠠ᠃ ᠣᠳᠣᠬᠠᠨ ᠳᠤ᠂ ᠪᠦᠭᠦ ᠬᠤᠰᠢᠭᠤ ᠪᠠᠷ ᠢᠶᠠᠨ ᠨᠡᠶᠢᠲᠡ 3 ︽ᠨᠠᠰᠤᠲᠠᠶᠢᠴᠤᠳ ᠤᠨ ᠬᠤᠭᠤᠯᠠᠨ ᠰᠢᠷᠡᠭᠡ︾ ᠶᠢ ᠪᠠᠶᠢᠭᠤᠯᠵᠤ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠪ ᠢ 1 ᠪᠠᠶᠢᠭᠤᠯᠵᠤ᠂ 15 ᠮᠢᠨᠦ᠋ᠲ ᠤᠨ ᠨᠠᠰᠤᠵᠢᠯ ᠤᠨ ᠦᠢᠯᠡᠴᠢᠯᠡᠭᠡᠨ ᠤ ᠲᠣᠭᠤᠷᠢᠭ ᠢ ᠪᠠᠶᠢᠭᠤᠯᠵᠤ᠂ ᠨᠠᠰᠤᠲᠠᠶᠢᠴᠤᠳ ᠢ ᠲᠠᠨᠢᠯ ᠲᠡᠰᠦᠯ ᠣᠷᠴᠢᠨ ᠲᠣᠭᠤᠷᠢᠨ ᠪᠠ ᠲᠥᠷᠥᠯ ᠰᠠᠳᠤᠨ ᠤ ᠬᠠᠶᠢᠷ᠎ᠠ ᠰᠡᠳᠬᠢᠯᠭᠡ ᠠᠴᠠ ᠨᠢ ᠵᠠᠶᠢᠳᠠᠭᠤᠯᠬᠤ ᠦᠭᠡᠢ ᠪᠠᠷ ᠣᠶᠢᠷ᠎ᠠ ᠬᠠᠪᠢ ᠳᠤᠨᠢ ᠠᠰᠢᠭ ᠬᠦᠷᠲᠡᠭᠡᠬᠦ ᠢᠳᠡᠭᠡᠨ ᠤᠮᠳᠠᠭᠠᠨ᠂ ᠡᠮᠴᠢᠯᠡᠭᠡ ᠰᠤᠪᠢᠯᠠᠯᠲᠠ᠂ ᠡᠷᠡᠭᠦᠯᠵᠢᠯ᠂ ᠠᠮᠢᠳᠤᠷᠠᠯ ᠤᠨ ᠬᠠᠷᠠᠭᠠᠯᠵᠠᠯ ᠵᠡᠷᠭᠡ ᠦᠢᠯᠡᠴᠢᠯᠡᠭᠡ ᠬᠠᠩᠭᠠᠪᠠ᠃    ᠨᠠᠰᠤᠲᠠᠶᠢᠴᠤᠳ ᠤᠨ ︽ᠠᠵᠢᠯ ᠶᠠᠪᠤᠳᠠᠯ ᠭᠦᠢᠴᠡᠳᠬᠡᠬᠦ ᠳᠤ ᠬᠦᠴᠢᠷ︾ ᠪᠠᠶᠢᠬᠤ ᠠᠰᠠᠭᠤᠳᠠᠯ ᠳᠤ ᠴᠢᠭᠯᠡᠭᠦᠯᠦᠨ᠂ ᠤᠷᠠᠳ ᠤᠨ ᠳᠤᠮᠳᠠᠳᠤ ᠬᠤᠰᠢᠭᠤᠨ ᠤ ᠣᠯᠠᠨ ᠰᠠᠯᠠᠭ᠎ᠠ ᠮᠥᠴᠢᠷ ᠨᠠᠰᠤᠲᠠᠶᠢᠴᠤᠳ ᠲᠤ ᠦᠢᠯᠡᠴᠢᠯᠡᠬᠦ ᠬᠠᠮᠤᠭ ᠤᠨ ᠪᠦᠲᠦᠮᠵᠢᠲᠡᠢ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠨ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ 6 ᠠᠩᠭᠢ ᠶᠢ ᠵᠣᠬᠢᠶᠠᠨ ᠪᠠᠶᠢᠭᠤᠯᠵᠤ᠂ ᠨᠠᠮ ᠤᠨ ᠭᠡᠰᠢᠭᠦᠳ ᠨᠠᠰᠤᠲᠠᠶᠢᠴᠤᠳ ᠤᠨ ᠭᠡᠷ ᠲᠤᠨᠢ ᠬᠦᠷᠴᠦ ᠠᠵᠢᠯ ᠶᠠᠪᠤᠳᠠᠯ ᠢ ᠨᠢ ᠰᠢᠢᠳᠪᠦᠷᠢᠯᠡᠨ ᠥᠭᠴᠦ᠂ ᠬᠠᠷᠢᠶ᠎ᠠ ᠣᠷᠣᠨ ᠤ ᠨᠠᠰᠤᠲᠠᠶᠢᠴᠤᠳ ᠲᠤ ᠭᠡᠵᠢᠭᠡ ᠬᠠᠶᠢᠴᠢᠯᠠᠬᠤ᠂ ᠣᠷᠣᠯᠠᠨ ᠭᠦᠢᠴᠡᠳᠬᠡᠬᠦ᠂ ᠣᠷᠣᠯᠠᠨ ᠬᠤᠳᠠᠯᠳᠤᠨ ᠠᠪᠬᠤ᠂ ᠴᠡᠪᠡᠷᠯᠡᠭᠡ ᠬᠢᠬᠦ ᠵᠡᠷᠭᠡ ᠡᠯ᠎ᠡ ᠲᠥᠷᠥᠯ ᠤᠨ ᠦᠢᠯᠡᠴᠢᠯᠡᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠪᠡ᠃ ︽ᠠᠵᠤ ᠠᠮᠢᠳᠤᠷᠠᠯ ᠳᠤᠮᠳᠠ ᠴᠢᠨᠢ ᠶᠠᠮᠠᠷᠪᠠ ᠬᠦᠴᠢᠷᠳᠡᠯ ᠲᠤᠯᠭᠠᠷᠠᠭᠰᠠᠨ ᠴᠤ ᠪᠢᠳᠠᠨ ᠲᠠᠢ ᠪᠦᠷ ᠬᠠᠷᠢᠯᠴᠠᠵᠤ ᠪᠣᠯᠣᠨ᠎ᠠ︾ ᠭᠡᠳᠡᠭ ᠦᠭᠡ ᠨᠢ ᠨᠠᠮ ᠤᠨ ᠭᠡᠰᠢᠭᠦᠨ ᠪᠣᠯᠣᠨ ᠤᠯᠠᠨ ᠲᠦᠮᠡᠨ ᠤ ᠬᠤᠭᠤᠷᠣᠨᠳᠣᠭᠢ ᠵᠠᠢ ᠶᠢ ᠨᠡᠩ ᠣᠶᠢᠷᠠᠲᠤᠭᠤᠯᠵᠠᠢ᠃    ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠬᠤ ᠳᠤ᠂ ᠢᠯᠡ ᠲᠣᠳᠣ ᠬᠥᠲᠥᠯᠥᠨ ᠵᠢᠯᠤᠭᠤᠳᠬᠤ ᠲᠡᠮᠳᠡᠭ ᠨᠢ ᠨᠢᠳᠦᠨ ᠳᠤ ᠲᠣᠳᠣᠷᠠᠵᠤ᠂ ᠵᠠᠯᠠᠭᠤ ᠰᠠᠶᠢᠨ ᠳᠤᠷᠠᠴᠤᠳ ᠴᠥᠮ ᠬᠠᠨᠴᠤᠢ ᠶᠢᠨ ᠲᠡᠮᠳᠡᠭ ᠢᠶᠠᠨ ᠵᠡᠭᠦᠵᠦ ᠠᠵᠢᠯ ᠤᠨ ᠪᠠᠶᠢᠷᠢ ᠳᠠᠭᠠᠨ ᠭᠠᠷᠴᠤ᠂ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠭᠦᠢᠴᠡᠳᠬᠡᠬᠦ ᠪᠠᠷ ᠢᠷᠡᠭᠰᠡᠨ ᠨᠠᠰᠤᠲᠠᠶᠢᠴᠤᠳ ᠢ ᠬᠠᠪᠰᠤᠷᠤᠨ ᠬᠦᠰᠦᠨᠦᠭ ᠲᠠᠭᠯᠠᠵᠤ᠂ ᠮᠠᠲ᠋ᠧᠷᠢᠶᠠᠯ ᠳᠠᠷᠤᠮᠠᠯᠯᠠᠬᠤ ᠶᠢᠨ ᠬᠠᠮᠲᠤ ᠬᠠᠷᠠᠭᠠᠯᠵᠠᠭᠰᠠᠨ ᠴᠣᠩᠬᠤᠪᠴᠢ ᠳᠤ ᠬᠦᠷᠴᠦ ᠠᠵᠢᠯ ᠶᠠᠪᠤᠳᠠᠯ ᠢ ᠨᠢ ᠭᠦᠢᠴᠡᠳᠬᠡᠵᠦ ᠥᠭᠭᠦᠨ᠎ᠡ᠃ ᠡᠭᠦᠨ ᠤ ᠬᠠᠮᠲᠤ ᠪᠠᠰᠠ ᠰᠠᠭᠠᠳ ᠦᠭᠡᠢ ᠨᠡᠪᠲᠡᠷᠡᠬᠦ ᠵᠠᠮ ᠂ ᠰᠠᠭᠠᠳ ᠦᠭᠡᠢ ᠠᠷᠢᠭᠤᠨ ᠴᠡᠪᠡᠷ ᠤᠨ ᠲᠠᠰᠤᠯᠭ᠎ᠠ᠂ ᠪᠠᠭᠤᠷᠠᠶᠢᠴᠤᠤᠯ ᠤᠨ ᠦᠢᠯᠡᠴᠢᠯᠡᠭᠡᠨ ᠤ ᠲᠤᠰᠬᠠᠢ ᠲᠣᠭᠤᠷᠢᠭ ᠭᠠᠷᠭᠠᠵᠤ᠂ ᠬᠦᠷᠳᠦᠲᠦ ᠰᠠᠨᠳᠠᠯᠢ᠂ ᠲᠠᠶᠠᠭ᠂ ᠡᠮ ᠡᠮᠨᠡᠯᠭᠡ ᠶᠢᠨ ᠬᠠᠶᠢᠷᠴᠠᠭ ᠵᠡᠷᠭᠡ ᠲᠥᠬᠦᠭᠡᠷᠦᠮᠵᠢ ᠲᠣᠬᠢᠷᠠᠭᠤᠯᠵᠤ᠂ ᠨᠠᠰᠤᠲᠠᠶᠢᠴᠤᠳ ᠤᠨ ᠠᠵᠢᠯ ᠶᠠᠪᠤᠳᠠᠯ ᠭᠦᠢᠴᠡᠳᠬᠡᠬᠦ ᠳᠤ ᠰᠠᠭᠠᠳ ᠦᠭᠡᠢ᠂ ᠨᠠᠩ ᠲᠥᠭᠦᠮ ᠪᠠᠶᠢᠬᠤ ᠶᠢ ᠪᠡᠶᠡᠯᠡᠭᠦᠯᠪᠡ᠃    ᠣᠳᠣ ᠶᠢᠨ ᠠᠮᠢᠳᠤᠷᠠᠯ ᠤᠨ ᠨᠥᠬᠦᠴᠡᠯ ᠤᠨ ᠲᠤᠬᠠᠢ ᠶᠠᠷᠢᠬᠤ ᠳᠤ᠂ 86 ᠨᠠᠰᠤᠲᠠᠢ ᠭᠠᠭᠴᠠᠭᠠᠷ ᠰᠠᠭᠤᠭ᠎ᠠ ᠭᠦᠸᠧ ᠵᠢᠶᠠᠨ ᠵᠦᠩ ᠨᠠᠰᠤᠲᠠᠨ ᠮᠠᠰᠢ ᠤᠯᠠᠨ ᠰᠡᠳᠬᠢᠯ ᠤᠨ ᠦᠭᠡ ᠪᠠᠨ ᠳᠡᠯᠭᠡᠪᠡ᠃ ᠲᠡᠷᠡ ᠪᠠᠩᠬᠢ ᠶᠢᠨ ᠺᠠᠷᠲ ᠤᠨ ᠨᠢᠭᠤᠴᠠ ᠨᠣᠮᠧᠷ ᠢᠶᠠᠨ ᠮᠠᠷᠲᠠᠴᠢᠬᠠᠵᠠᠢ᠂ ᠶᠠᠪᠤᠵᠤ ᠰᠠᠭᠤᠬᠤ ᠳᠤ ᠳᠥᠭᠦᠮ ᠦᠭᠡᠢ᠂ ᠦᠷ᠎ᠡ ᠬᠡᠦᠬᠡᠳ ᠨᠢ ᠳᠡᠷᠭᠡᠳᠡ ᠨᠢ ᠪᠠᠶᠢᠬᠤ ᠦᠭᠡᠢ ᠪᠣᠯᠬᠤᠷ ᠲᠤᠷᠰᠢᠵᠤ ᠦᠵᠡᠬᠦ ᠣᠪᠣᠷ ᠢᠶᠠᠷ ᠤᠷᠠᠳ ᠤᠨ ᠳᠤᠮᠳᠠᠳᠤ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠠᠰᠠᠭᠤᠨ ᠯᠠᠪᠯᠠᠬᠤ ᠤᠲᠠᠰᠤ ᠶᠢ ᠵᠠᠯᠭᠠᠭᠰᠠᠨ ᠪᠠᠶᠢᠵᠠᠢ᠃ ᠨᠠᠰᠤᠲᠠᠨ ᠤ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠭᠰᠠᠨ ᠤ ᠳᠠᠷᠠᠭ᠎ᠠ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶᠠᠨ ᠤ ᠠᠵᠢᠯᠲᠠᠳ ᠨᠠᠰᠤᠲᠠᠨ ᠤ ᠭᠡᠷ ᠲᠤᠨᠢ ᠬᠦᠷᠴᠦ᠂ ᠰᠢᠯᠵᠢᠮᠡᠯ ᠦᠵᠦᠭᠦᠷᠯᠢᠭ ᠤᠨ ᠲᠥᠬᠦᠭᠡᠷᠦᠮᠵᠢ ᠪᠠᠷ ᠨᠢᠭᠤᠴᠠ ᠨᠣᠮᠧᠷ ᠳᠠᠭᠢᠨ ᠲᠣᠬᠢᠷᠠᠭᠤᠯᠬᠤ ᠠᠵᠢᠯ ᠢ ᠰᠠᠶᠢᠲᠤᠷ ᠭᠦᠢᠴᠡᠳᠬᠡᠵᠦ ᠥᠭᠪᠡ᠃ ᠡᠭᠦᠨ ᠠᠴᠠ ᠭᠠᠳᠠᠨ᠎ᠠ᠂ ᠬᠠᠷᠢᠶ᠎ᠠ ᠣᠷᠣᠨ ᠳᠠᠬᠢ ᠨᠠᠰᠤᠲᠠᠶᠢᠴᠤᠳ ᠤᠨ ᠮᠥᠩᠭᠦᠨ ᠭᠦᠢᠯᠭᠡᠭᠡᠨ ᠤ ᠲᠤᠬᠠᠢ ᠬᠡᠷᠡᠭᠴᠡᠭᠡ ᠱᠠᠭᠠᠷᠳᠠᠯᠭ᠎ᠠ ᠶᠢ ᠨᠠᠩ ᠣᠨᠣᠪᠴᠢᠲᠠᠶ ᠣᠶᠢᠯᠠᠭᠠᠬᠤ ᠶᠢᠨ ᠲᠥᠯᠥᠭᠡ᠂ ᠬᠦᠰᠦᠨᠦᠭᠴᠢᠯᠡᠭᠰᠡᠨ ᠦᠢᠯᠡᠴᠢᠯᠡᠭᠡᠨ ᠤ ᠵᠠᠭᠪᠤᠷ ᠢ ᠰᠢᠨ᠎ᠡ ᠪᠠᠷ ᠡᠭᠦᠳᠴᠦ᠂ ᠲᠣᠭᠠᠴᠠᠭ᠎ᠠ ᠬᠢᠬᠦ ᠦᠢᠯᠡᠴᠢᠯᠡᠭᠡ ᠶᠢᠨ ᠨᠠᠰᠤᠲᠠᠶᠢᠴᠤᠳ ᠲᠤ ᠲᠣᠬᠢᠷᠠᠮᠵᠢ ᠦᠭᠡᠢ ᠪᠠᠶᠢᠳᠠᠯ ᠢ ᠲᠡᠮᠳᠡᠭᠯᠡᠬᠦ ᠬᠦᠰᠦᠨᠦᠭᠲᠦ ᠭᠠᠷᠭᠠᠨ᠂ ᠦᠨᠳᠦᠰᠦᠨ ᠱᠠᠲᠤ ᠪᠠᠷ ᠲᠥᠪ ᠪᠤᠯᠭᠠᠵᠤ᠂ ᠨᠠᠰᠤᠲᠠᠶᠢᠴᠤᠳ ᠲᠤ ᠲᠣᠬᠢᠷᠠᠬᠤ ᠦᠢᠯᠡᠴᠢᠯᠡᠭᠡ ᠶᠢ ᠲᠦᠢᠯ ᠤᠨ ᠣᠨᠣᠪᠴᠢᠲᠠᠶ ᠪᠠᠷ ᠢᠵᠢ ᠪᠦᠷᠢᠳᠦᠭᠦᠯᠪᠡ᠃ ᠡᠭᠦᠨ ᠤ ᠬᠠᠮᠲᠤ᠂ ᠡᠯ᠎ᠡ ᠴᠡᠭ ᠤᠨ ᠨᠠᠰᠤᠲᠠᠶᠢᠴᠤᠳ ᠲᠤ ᠲᠣᠬᠢᠷᠠᠬᠤ ᠲᠥᠬᠦᠭᠡᠷᠦᠮᠵᠢ ᠶᠢ ᠪᠠᠶᠢᠴᠠᠭᠠᠨ ᠵᠠᠰᠠᠵᠤ ᠨᠥᠬᠦᠪᠦᠷᠢᠯᠡᠵᠦ᠂ ᠨᠢᠳᠦᠨ ᠰᠢᠯ᠂ ᠲᠣᠮᠣᠷᠠᠭᠤᠯᠬᠤ ᠰᠢᠯ᠂ ᠲᠦᠷᠭᠡᠨ ᠠᠪᠤᠷᠠᠯᠳᠠ ᠶᠢᠨ ᠡᠮ ᠤᠨ ᠬᠠᠶᠢᠷᠴᠠᠭ᠂ ᠰᠠᠭᠠᠳ ᠦᠭᠡᠢ ᠨᠡᠪᠲᠡᠷᠡᠬᠦ ᠵᠠᠮ ᠵᠡᠷᠭᠡ ᠪᠡᠯᠡᠳᠬᠡᠮᠵᠢ ᠶᠢᠨ ᠲᠣᠬᠢᠷᠠᠭᠤᠯᠤᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠪᠠ᠃    ᠤᠷᠠᠳ ᠤᠨ ᠳᠤᠮᠳᠠᠳᠤ ᠬᠤᠰᠢᠭᠤ ᠨᠠᠰᠤᠲᠠᠶᠢᠴᠤᠳ ᠤᠨ ᠪᠣᠳᠠᠰ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠨᠠᠰᠤᠲᠠᠶᠢᠴᠤᠳ ᠤᠨ ᠶᠡᠭᠡ ᠰᠤᠷᠭᠠᠭᠤᠯᠢ᠂ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ ᠵᠡᠷᠭᠡ ᠳᠤ ᠭᠦᠢᠴᠡᠳ ᠲᠦᠰᠢᠭᠯᠡᠵᠦ᠂ ᠨᠠᠰᠤᠲᠠᠶᠢᠴᠤᠳ ᠤᠨ ᠣᠶᠤᠨ ᠰᠠᠨᠠᠭᠠᠨ ᠤ ᠬᠡᠷᠡᠭᠴᠡᠭᠡ ᠱᠠᠭᠠᠷᠳᠠᠯᠭ᠎ᠠ ᠶᠢ ᠠᠩᠬᠠᠷᠴᠤ᠂ ︽ᠨᠠᠮ ᠤᠨ ᠪᠠᠶᠢᠭᠤᠯᠤᠯᠲᠠ + ᠰᠤᠷᠤᠯᠴᠠᠯᠭ᠎ᠠ︾ ᠶᠢᠨ ᠵᠠᠭᠪᠤᠷ ᠲᠤ ᠰᠢᠨ᠎ᠡ ᠶᠢ ᠡᠭᠦᠳᠴᠦ᠂ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠵᠢᠭᠠᠨ ᠰᠤᠷᠭᠠᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠢ ᠲᠥᠯᠥᠪᠵᠢᠭᠦᠯᠦᠨ ᠪᠠᠶᠢᠷᠢᠯᠠᠭᠤᠯᠵᠤ᠂ ᠨᠠᠰᠤᠲᠠᠶᠢᠴᠤᠳ ᠤᠨ ᠶᠡᠭᠡ ᠰᠤᠷᠭᠠᠭᠤᠯᠢ ᠬᠢᠭᠡᠳ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠤᠶᠠᠯᠳᠤᠭᠤᠯᠬᠤ ᠶᠢ ᠠᠬᠢᠭᠤᠯᠵᠤ᠂ ᠰᠠᠭᠤᠷᠢᠨ ᠭᠠᠵᠠᠷ ᠢ ᠬᠠᠮᠲᠤᠷᠠᠨ ᠬᠡᠷᠡᠭᠯᠡᠬᠦ᠂ ᠬᠦᠴᠦᠨ ᠴᠢᠳᠠᠯ ᠢ ᠨᠢᠭᠡᠳᠬᠡᠬᠦ᠂ ᠡᠬᠢ ᠪᠠᠶᠠᠯᠢᠭ ᠢ ᠬᠠᠮᠲᠤ ᠳᠤ ᠪᠠᠨ ᠭᠦᠷᠳᠡᠭᠦ ᠶᠢ ᠪᠡᠶᠡᠯᠡᠭᠦᠯᠵᠦ᠂ ᠨᠠᠰᠤᠲᠠᠶᠢᠴᠤᠳ ᠢ ︽ᠭᠡᠷ ᠤᠨ ᠢᠶᠠᠨ ᠡᠭᠦᠳᠡᠨ ᠳᠤ︾ ᠥᠲᠡᠯᠬᠦ ᠠᠴᠠ ᠰᠤᠷᠤᠯᠴᠠᠬᠤ ᠭᠠᠵᠠᠷ ᠲᠠᠢ᠂ ᠥᠲᠡᠯᠬᠦ ᠠᠴᠠ ᠬᠢᠬᠦ ᠠᠵᠢᠯ ᠲᠠᠢ᠂ ᠥᠲᠡᠯᠬᠦ ᠠᠴᠠ ᠪᠠᠶᠠᠷ ᠪᠠᠶᠠᠰᠤᠯ ᠲᠠᠢ ᠪᠠᠶᠢᠬᠤ ᠶᠢ ᠪᠡᠶᠡᠯᠡᠭᠦᠯᠪᠡ᠃    ᠤᠯᠠᠮᠵᠢᠯᠠᠯᠲᠤ ᠤᠷᠠᠨ ᠪᠢᠴᠢᠯᠭᠡ᠂ ᠳᠠᠭᠤᠤ ᠬᠥᠭᠵᠢᠮ ᠤᠨ ᠬᠢᠴᠢᠶᠡᠯ ᠨᠡᠭᠡᠭᠡᠭᠰᠡᠨ ᠨᠢ ᠨᠠᠰᠤᠲᠠᠶᠢᠴᠤᠳ ᠤᠨ ᠰᠡᠳᠬᠢᠯ ᠳᠤ ᠨᠡᠩ ᠢᠯᠡᠭᠦᠦ ᠲᠠᠭᠠᠯᠠᠭᠳᠠᠵᠤ ᠪᠢᠯᠡ᠃ ᠪᠢᠷ ᠪᠠᠷᠢᠬᠤ ᠮᠡᠳᠡᠯᠭᠡ ᠠᠴᠠ ᠦᠰᠦᠭ ᠤᠨ ᠪᠦᠲᠦᠴᠡ ᠪᠦᠷᠢᠯᠳᠦᠭᠦᠨ᠂ ᠦᠨᠳᠦᠰᠦᠨ ᠵᠢᠷᠤᠯᠭ᠎ᠠ᠂ ᠦᠰᠦᠭ ᠪᠠᠶᠢᠷᠢᠯᠠᠭᠤᠯᠬᠤ ᠭᠡᠯᠪᠡᠷᠢ ᠵᠡᠷᠭᠡ ᠭᠦᠷᠲᠡᠯ᠎ᠡ ᠬᠠᠰᠠᠷ ᠨᠡᠶᠢᠭᠡᠮ ᠲᠣᠭᠤᠷᠢᠭ ᠨᠠᠰᠤᠲᠠᠶᠢᠴᠤᠳ ᠤᠨ ᠤᠷᠠᠨ ᠪᠢᠴᠢᠯᠭᠡ ᠶᠢᠨ ᠠᠩᠭᠢ ᠶᠢ ᠵᠣᠬᠢᠶᠠᠨ ᠪᠠᠶᠢᠭᠤᠯᠵᠤ᠂ ᠪᠠᠭᠰᠢ ᠨᠠᠷ ᠤᠷᠠᠨ ᠪᠢᠴᠢᠯᠭᠡ ᠶᠢᠨ ᠤᠷ᠎ᠠ ᠮᠡᠷᠭᠡᠵᠢᠯ ᠢ ᠨᠠᠷᠢᠨ ᠬᠢᠨᠠᠮᠠᠭᠠᠢ ᠤᠯᠠᠮᠵᠢᠯᠠᠨ ᠵᠢᠭᠠᠵᠤ᠂ ᠨᠢᠭᠡ ᠬᠢᠴᠢᠶᠡᠯ ᠤᠨ ᠴᠠᠭ ᠤᠨ ᠳᠠᠷᠠᠭ᠎ᠠ ᠪᠤᠭᠤᠷᠤᠯ ᠰᠤᠷᠤᠬᠴᠢᠳ ᠨᠢᠭᠡᠨᠲᠡ ᠳᠥᠭᠦᠮ ᠪᠢᠴᠢᠯᠭᠡ ᠪᠢᠴᠢᠵᠦ ᠡᠬᠢᠯᠡᠪᠡ᠃ ︽ᠪᠢ ᠳᠠᠭᠤᠤ ᠳᠠᠭᠤᠯᠠᠬᠤ ᠮᠠᠰᠢ ᠳᠤᠷᠠᠲᠠᠢ᠂ ᠰᠣᠨᠤᠰᠬᠤᠯᠠᠷ ᠮᠠᠨ ᠤ ᠠᠳᠡᠬᠢ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠴᠡᠭ ᠪᠠᠶᠢᠭᠤᠯᠤᠭᠳᠠᠭᠰᠠᠨ ᠭᠡᠨ᠎ᠡ᠂ ᠡᠭᠦᠨ ᠳᠤ ᠨᠠᠶᠢᠷᠠᠯ ᠳᠠᠭᠤᠤ ᠶᠢᠨ ᠠᠩᠭᠢ ᠪᠠᠶᠢᠭ᠎ᠠ ᠪᠣᠯᠬᠤᠷ ᠪᠢᠳᠡ ᠬᠦᠷᠦᠯᠴᠡᠨ ᠢᠷᠡᠵᠡᠢ᠂ ᠤᠳᠤ ᠡᠶᠢᠮᠦ ᠣᠯᠠᠨ ᠳᠠᠭᠤᠤ ᠬᠥᠭᠵᠢᠮ ᠳᠤ ᠪᠠᠭ᠋ᠠᠲᠠᠢ ᠬᠥᠮᠥᠰ ᠲᠠᠢ ᠬᠠᠮᠲᠤ ᠰᠤᠷᠤᠯᠴᠠᠬᠤ ᠨᠢ ᠮᠠᠰᠢ ᠪᠠᠶᠠᠷᠲᠠᠢ ᠰᠠᠨᠠᠭᠳᠠᠨ᠎ᠠ︾ ᠭᠡᠵᠦ ᠰᠢᠩ ᠹᠦ᠋ ᠬᠠᠷᠢᠯᠴᠠᠨ ᠬᠠᠪᠰᠤᠷᠤᠯᠴᠠᠬᠤ ᠬᠦᠷᠢᠶᠡᠯᠡᠩ ᠳᠤ ᠰᠠᠭᠤᠭ᠎ᠠ ᠨᠠᠶᠢᠷᠠᠯ ᠳᠠᠭᠤᠤ ᠶᠢᠨ ᠠᠩᠭᠢ ᠶᠢᠨ ᠭᠡᠰᠢᠭᠦᠨ ᠵᠠᠩ ᠠᠨᠢᠶ᠎ᠠ ᠰᠢᠬ᠎ᠠ ᠭᠤᠣᠯ ᠪᠠᠯᠭᠠᠰᠤ ᠶᠢᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠴᠡᠭ ᠤᠨ ᠪᠠᠶᠢᠭᠤᠯᠤᠭᠳᠠᠭᠰᠠᠨ ᠳᠤ ᠡᠷᠡᠬᠡᠢ ᠭᠠᠷᠭᠠᠨ ᠮᠠᠭᠲᠠᠨ ᠰᠠᠶᠢᠰᠢᠶᠠᠵᠤ ᠪᠠᠶᠢᠯ᠎ᠠ᠃    ᠣᠳᠣᠬᠠᠨ ᠪᠤᠯᠲᠠᠯ᠎ᠠ᠂ ᠤᠷᠠᠳ ᠤᠨ ᠳᠤᠮᠳᠠᠳᠤ ᠬᠤᠰᠢᠭᠤᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ 6 ᠨᠡᠶᠢᠭᠡᠮ ᠲᠣᠭᠤᠷᠢᠭ ᠤᠨ ᠬᠤᠪᠢᠶᠠᠷᠢ ᠰᠤᠷᠭᠠᠭᠤᠯᠢ᠂ 11 ᠰᠤᠮᠤ ᠪᠠᠯᠭᠠᠰᠤ ︵ᠲᠥᠪ᠂ ᠺᠤᠮᠫᠠᠨᠢ︶ ᠶᠢᠨ ᠵᠢᠭᠠᠨ ᠰᠤᠷᠭᠠᠯᠲᠠ ᠶᠢᠨ ᠴᠡᠭ ᠪᠦᠭᠦᠨ ᠢᠶᠠᠷ ᠢᠶᠠᠨ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠭᠰᠠᠨ ᠪᠥᠭᠡᠳ ᠬᠢᠴᠢᠶᠡᠯ ᠣᠷᠣᠵᠤ᠂ ᠨᠠᠰᠤᠲᠠᠶᠢᠴᠤᠳ ᠢ ︽ᠰᠤᠷᠭᠠᠭᠤᠯᠢ ᠳᠤ ᠬᠦᠷᠭᠡᠬᠦ︾ ᠶᠢ ᠦᠨᠡᠨ ᠬᠦ ᠪᠡᠶᠡᠯᠡᠭᠦᠯᠵᠦ᠂ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠦᠷᠭᠦᠯᠵᠢᠯᠡᠨ ᠥᠷᠭᠡᠳᠬᠡᠪᠡ᠃ ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠠᠯᠠᠭ᠎ᠠ᠃ ᠤᠷᠠᠳ ᠤᠨ ᠳᠤᠮᠳᠠᠳᠤ ᠬᠤᠰᠢᠭᠤ ᠡᠶᠢᠨᠬᠦ ᠪᠣᠳᠠᠲᠠᠢ ᠠᠷᠭ᠎ᠠ ᠬᠡᠮᠵᠢᠶ᠎ᠡ ᠪᠠᠷ ᠨᠠᠰᠤᠲᠠᠶᠢᠴᠤᠳ ᠲᠤ ᠰᠠᠯᠬᠢ ᠪᠣᠷᠣᠭᠠᠨ ᠢ ᠬᠠᠯᠬᠠᠯᠠᠬᠤ ︽ᠵᠣᠯ ᠵᠢᠷᠭᠠᠯ ᠤᠨ ᠰᠢᠬᠦᠷ︾ ᠳᠡᠯᠭᠡᠨ ᠥᠭᠴᠦ᠂ ᠠᠯᠢ ᠣᠯᠠᠨ ᠬᠠᠮᠠᠭᠠᠯᠠᠯᠲᠠ ᠶᠢᠨ ᠲᠣᠭᠲᠠᠴᠠ ᠪᠣᠯᠣᠨ ᠲᠠᠪᠴᠠᠩ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠯᠢ ᠣᠯᠠᠨ ᠠᠵᠢᠯ ᠢ ᠪᠠᠴᠢᠮ ᠶᠠᠭᠠᠷᠠᠯᠲᠠᠢ ᠠᠬᠢᠭᠤᠯᠵᠤ᠂ ᠠᠯᠢ ᠣᠯᠠᠨ ᠰᠠᠶᠢᠨ ᠳᠤᠷᠠᠴᠤᠳ ᠢ ᠬᠤᠶᠢᠨ᠎ᠠ ᠬᠤᠶᠢᠨ᠎ᠠ ᠠᠴᠠ ᠨᠢ ᠣᠷᠣᠯᠴᠠᠭᠤᠯᠵᠤ᠂ ᠨᠠᠰᠤᠲᠠᠶᠢᠴᠤᠳ ᠤᠨ ᠵᠣᠯ ᠵᠢᠷᠭᠠᠯᠲᠤ ᠲᠥᠷᠥᠭᠳᠡᠯ ᠪᠣᠯᠣᠨ ᠬᠦᠷᠲᠡᠮᠵᠢ ᠶᠢᠨ ᠲᠥᠷᠥᠭᠳᠡᠯ ᠢ ᠢᠯᠡᠳᠲᠡ ᠳᠡᠭᠡᠭᠰᠢᠯᠡᠭᠦᠯᠦᠭᠰᠡᠨ ᠪᠠᠶᠢᠨ᠎ᠠ᠃︽ᠲᠠᠨ ᠤ ᠪᠡᠶ᠎ᠡ ᠮᠠᠬᠠᠪᠤᠳ ᠦᠨᠡᠬᠡᠷ ᠰᠠᠶᠢᠨ᠂ ᠣᠶᠤᠨ ᠰᠠᠨᠠᠭᠠᠨ ᠤ ᠪᠠᠶᠢᠳᠠᠯ ᠴᠦ ᠣᠨᠴᠠᠭᠠᠶ ᠰᠠᠶᠢᠨ ᠪᠠᠶᠢᠨ᠎ᠠ︾᠂ ︽ᠪᠢᠳᠡ ᠡᠩ ᠤᠨ ᠦᠶ᠎ᠡ ᠳᠤ ᠨᠡᠶᠢᠭᠡᠮ ᠲᠣᠭᠤᠷᠢᠭ ᠲᠤ ᠪᠡᠶ᠎ᠡ ᠪᠠᠨ ᠪᠤᠯᠪᠠᠰᠤᠷᠠᠭᠤᠯᠵᠦ᠂ ᠬᠠᠭᠤᠴᠢᠨ ᠨᠠᠶᠢᠵᠠ ᠨᠠᠷ ᠲᠠᠢ ᠪᠠᠨ ᠰᠡᠯᠡᠭᠦᠴᠡᠨ ᠠᠯᠬᠤᠯᠠᠬᠤ ᠳᠤᠷᠠᠲᠠᠢ ᠪᠠᠶᠢᠳᠠᠭ︾ ᠁ ᠣᠶᠢᠷ᠎ᠠ ᠶᠢᠨ ᠡᠳᠦᠷ ᠤᠳ ᠲᠤ᠂ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠤ ᠡᠯ᠎ᠡ ᠱᠠᠲᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠭᠡᠰᠢᠭᠦᠨ ᠤ ︽ᠬᠤᠣᠰ ᠨᠡᠷ᠎ᠡ ᠮᠡᠳᠡᠭᠦᠯᠬᠦ︾ ᠵᠡᠷᠭᠡ ᠠᠴᠢᠶᠠᠯᠠᠪᠤᠷᠢ ᠳᠤ ᠲᠦᠰᠢᠭᠯᠡᠨ᠂ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ᠂ ᠡᠷᠭᠢᠨ ᠦᠵᠡᠵᠦ ᠲᠣᠬᠤᠨᠢᠭᠤᠯᠬᠤ ᠠᠵᠢᠯᠯᠠᠭ᠎ᠠ᠂ ᠤᠳᠬ᠎ᠠ ᠤᠷᠠᠯᠢᠭ ᠤᠨ ᠠᠵᠢᠯᠯᠠᠭ᠎ᠠ ᠵᠡᠷᠭᠡ ᠣᠨᠴᠠᠯᠢᠭ ᠢᠶᠠᠷ ᠢᠯᠡ ᠲᠣᠳᠣ᠂ ᠡᠯᠪᠡᠭ ᠪᠠᠶᠠᠯᠢᠭ ᠠᠭᠤᠯᠭ᠎ᠠ ᠪᠦᠬᠦᠢ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠨᠠᠰᠤᠲᠠᠳ ᠢᠶᠠᠨ ᠬᠠᠶᠢᠷᠠᠯᠠᠵᠤ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠶᠡᠭᠡ ᠪᠠᠷ ᠪᠠᠳᠠᠷᠠᠭᠤᠯᠵᠤ᠂ ᠨᠠᠮ ᠤᠨ ᠭᠡᠰᠢᠭᠦᠨ ᠰᠠᠶᠢᠨ ᠳᠤᠷᠠᠴᠤᠳ ᠨᠠᠰᠤᠲᠠᠶᠢᠴᠤᠳ ᠲᠠᠢ ᠨᠢᠭᠡ ᠲᠠᠩᠬᠢᠮ ᠳᠤ ᠬᠤᠷᠠᠨ ᠴᠤᠭᠯᠠᠷᠠᠵᠤ᠂ ᠤᠷᠠᠨ ᠰᠠᠶᠢᠬᠠᠨ ᠤ ᠲᠤᠬᠯᠠᠯᠲᠠ ᠭᠠᠷᠭᠠᠵᠤ᠂ ᠨᠠᠰᠤᠲᠠᠶᠢᠴᠤᠳ ᠲᠤ ᠬᠠᠩᠭᠠᠮᠵᠢᠲᠠᠢ ᠦᠢᠯᠡᠴᠢᠯᠡᠭᠡ ᠬᠠᠩᠭᠠᠨ᠎ᠠ᠃    ︽ᠵᠠᠪᠰᠢᠶᠠᠨ ᠲᠠᠢ ᠪᠣᠯ ᠨᠠᠰᠤᠲᠠᠳ ᠲᠠᠢ ᠦᠷᠭᠦᠯᠵᠢ ᠬᠠᠮᠲᠤ ᠰᠠᠭᠤᠯᠴᠠᠨ ᠵᠣᠭᠤᠭᠳᠠᠳᠠᠭ᠂ ᠲᠡᠳᠡᠨ ᠤ ᠴᠢᠷᠠᠢ ᠳᠡᠭᠡᠷᠡᠬᠢ ᠢᠨᠢᠶᠡᠮᠰᠦᠭᠯᠡᠯ ᠢ ᠦᠵᠡᠬᠦ ᠪᠦᠷᠢ ᠪᠢᠳᠡ ᠮᠥᠷᠥᠨ ᠳᠡᠭᠡᠷᠡᠬᠢ ᠬᠠᠷᠢᠭᠤᠴᠠᠯᠭ᠎ᠠ ᠬᠦᠨᠳᠦ ᠶᠡᠭᠡ ᠭᠡᠳᠡᠭ ᠢᠶᠠᠨ ᠭᠦᠨ ᠣᠶᠢᠯᠠᠭᠠᠳᠠᠭ︾ ᠭᠡᠵᠦ ᠤᠷᠠᠳ ᠤᠨ ᠳᠤᠮᠳᠠᠳᠤ ᠬᠤᠰᠢᠭᠤᠨ ᠤ ᠬᠠᠰᠠᠷ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ᠦ᠋ ᠶᠤᠸᠠᠨ ᠵᠧᠩ ᠬᠡᠯᠡᠨ᠎ᠡ᠃ ᠦᠷᠭᠦᠯᠵᠢ ᠨᠠᠰᠤᠲᠠᠶᠢᠴᠤᠳ ᠲᠠᠢ ᠬᠠᠮᠲᠤ ᠠᠵᠢᠯᠯᠠᠭ᠎ᠠ ᠥᠷᠨᠢᠭᠦᠯᠬᠦ ᠪᠣᠯ ᠤᠷᠠᠳ ᠤᠨ ᠳᠤᠮᠳᠠᠳᠤ ᠬᠤᠰᠢᠭᠤᠨ ᠤ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠤᠯᠭᠠᠬᠤ ᠶᠢ ᠢᠮᠠᠭᠲᠠ ᠪᠠᠷᠢᠮᠲᠠᠯᠠᠵᠤ᠂ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠨᠠᠰᠤᠲᠠᠶᠢᠴᠤᠳ ᠲᠤ ᠦᠢᠯᠡᠴᠢᠯᠡᠬᠦ ᠬᠦᠷᠢᠶ᠎ᠡ ᠴᠠᠷᠠᠭ᠎ᠠ ᠪᠠᠨ ᠥᠷᠭᠡᠳᠬᠡᠬᠦ‍ ᠨᠢᠭᠡ ᠵᠦᠢᠯ ᠤᠨ ᠢᠳᠡᠪᠬᠢᠲᠡᠢ ᠰᠦᠪᠡᠭᠴᠢᠯᠡᠯᠲᠡ ᠪᠣᠯᠣᠨ᠎ᠠ᠃    ᠣᠲᠣ ᠶᠢᠨ ᠪᠠᠶᠢᠭ᠎ᠠ ᠨᠠᠰᠤᠲᠠᠨ ᠢ ᠠᠰᠠᠷᠠᠬᠤ ᠬᠦᠷᠢᠶᠡᠯᠡᠩ᠂ ᠨᠠᠰᠤᠲᠠᠶᠢᠴᠤᠳ ᠤᠨ ᠶᠡᠭᠡ ᠰᠤᠷᠭᠠᠭᠤᠯᠢ᠂ ᠨᠠᠰᠤᠲᠠᠶᠢᠴᠤᠳ ᠤᠨ ᠬᠥᠳᠡᠯᠭᠡᠭᠡᠨ ᠤ ᠲᠥᠪ ᠠᠴᠠ ᠭᠠᠳᠠᠨ᠎ᠠ᠂ ᠤᠷᠠᠳ ᠤᠨ ᠳᠤᠮᠳᠠᠳᠤ ᠬᠤᠰᠢᠭᠤ ᠨᠡᠶᠢᠭᠡᠮ ᠲᠣᠭᠤᠷᠢᠭ ᠢᠶᠠᠷ ᠲᠦᠰᠢᠭ ᠪᠤᠯᠭᠠᠵᠤ᠂ ᠨᠠᠰᠤᠲᠠᠶᠢᠴᠤᠳ ᠤᠨ ᠭᠡᠷ ᠲᠤᠨᠢ ᠬᠦᠷᠴᠦ ᠦᠢᠯᠡᠴᠢᠯᠡᠬᠦ ᠪᠠᠷ ᠰᠠᠭᠤᠷᠢ ᠪᠣᠯᠭᠠᠨ᠂ ᠨᠠᠮ ᠤᠨ ᠭᠡᠰᠢᠭᠦᠨ ᠰᠠᠶᠢᠨ ᠳᠤᠷᠠᠴᠤᠳ ᠤᠨ ᠦᠢᠯᠡᠴᠢᠯᠡᠭᠡ ᠪᠠᠷ ᠨᠥᠬᠦᠪᠦᠷᠢ ᠪᠤᠯᠭᠠᠵᠤ᠂ ᠣᠯᠠᠨ ᠶᠠᠩᠵᠤ ᠶᠢᠨ ︽ᠨᠠᠮ ᠤᠨ ᠪᠠᠶᠢᠭᠤᠯᠤᠯᠲᠠ + ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ︾ ᠶᠢᠨ ᠰᠢᠨ᠎ᠡ ᠲᠠᠪᠴᠠᠩ ᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠨᠠᠰᠤᠲᠠᠶᠢᠴᠤᠳ ᠲᠤ ᠦᠢᠯᠡᠴᠢᠯᠡᠬᠦ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠨᠠᠰᠤᠲᠠᠶᠢᠴᠤᠳ ᠲᠤ ᠦᠢᠯᠡᠴᠢᠯᠡᠬᠦ ᠶᠢ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠬᠢᠵᠦ᠂ ᠨᠠᠰᠤᠲᠠᠶᠢᠴᠤᠳ ᠤᠨ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠨᠠᠮ ᠤᠨ ᠭᠡᠰᠢᠭᠦᠨ ᠰᠠᠶᠢᠨ ᠳᠤᠷᠠᠴᠤᠳ ᠠᠭᠠᠵᠢᠮ ᠢᠶᠠᠷ ᠰᠠᠭᠤᠭᠠᠯᠢ ᠠᠷᠠᠳ ᠤᠨ ᠰᠡᠳᠬᠢᠯ ᠳᠠᠬᠢ ︽ᠳᠣᠲᠣᠨᠣ ᠬᠥᠮᠥᠨ︾ ᠪᠣᠯᠪᠠ᠃ ᠣᠳᠣᠬᠠᠨ ᠳᠤ᠂ ᠪᠦᠭᠦ ᠬᠤᠰᠢᠭᠤ ᠪᠠᠷ ᠢᠶᠠᠨ ᠨᠡᠶᠢᠲᠡ 3 ︽ᠨᠠᠰᠤᠲᠠᠶᠢᠴᠤᠳ ᠤᠨ ᠬᠤᠭᠤᠯᠠᠨ ᠰᠢᠷᠡᠭᠡ︾ ᠶᠢ ᠪᠠᠶᠢᠭᠤᠯᠵᠤ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠪ ᠢ 1 ᠪᠠᠶᠢᠭᠤᠯᠵᠤ᠂ 15 ᠮᠢᠨᠦ᠋ᠲ ᠤᠨ ᠨᠠᠰᠤᠵᠢᠯ ᠤᠨ ᠦᠢᠯᠡᠴᠢᠯᠡᠭᠡᠨ ᠤ ᠲᠣᠭᠤᠷᠢᠭ ᠢ ᠪᠠᠶᠢᠭᠤᠯᠵᠤ᠂ ᠨᠠᠰᠤᠲᠠᠶᠢᠴᠤᠳ ᠢ ᠲᠠᠨᠢᠯ ᠲᠡᠰᠦᠯ ᠣᠷᠴᠢᠨ ᠲᠣᠭᠤᠷᠢᠨ ᠪᠠ ᠲᠥᠷᠥᠯ ᠰᠠᠳᠤᠨ ᠤ ᠬᠠᠶᠢᠷ᠎ᠠ ᠰᠡᠳᠬᠢᠯᠭᠡ ᠠᠴᠠ ᠨᠢ ᠵᠠᠶᠢᠳᠠᠭᠤᠯᠬᠤ ᠦᠭᠡᠢ ᠪᠠᠷ ᠣᠶᠢᠷ᠎ᠠ ᠬᠠᠪᠢ ᠳᠤᠨᠢ ᠠᠰᠢᠭ ᠬᠦᠷᠲᠡᠭᠡᠬᠦ ᠢᠳᠡᠭᠡᠨ ᠤᠮᠳᠠᠭᠠᠨ᠂ ᠡᠮᠴᠢᠯᠡᠭᠡ ᠰᠤᠪᠢᠯᠠᠯᠲᠠ᠂ ᠡᠷᠡᠭᠦᠯᠵᠢᠯ᠂ ᠠᠮᠢᠳᠤᠷᠠᠯ ᠤᠨ ᠬᠠᠷᠠᠭᠠᠯᠵᠠᠯ ᠵᠡᠷᠭᠡ ᠦᠢᠯᠡᠴᠢᠯᠡᠭᠡ ᠬᠠᠩᠭᠠᠪᠠ᠃    ᠨᠠᠰᠤᠲᠠᠶᠢᠴᠤᠳ ᠤᠨ ︽ᠠᠵᠢᠯ ᠶᠠᠪᠤᠳᠠᠯ ᠭᠦᠢᠴᠡᠳᠬᠡᠬᠦ ᠳᠤ ᠬᠦᠴᠢᠷ︾ ᠪᠠᠶᠢᠬᠤ ᠠᠰᠠᠭᠤᠳᠠᠯ ᠳᠤ ᠴᠢᠭᠯᠡᠭᠦᠯᠦᠨ᠂ ᠤᠷᠠᠳ ᠤᠨ ᠳᠤᠮᠳᠠᠳᠤ ᠬᠤᠰᠢᠭᠤᠨ ᠤ ᠣᠯᠠᠨ ᠰᠠᠯᠠᠭ᠎ᠠ ᠮᠥᠴᠢᠷ ᠨᠠᠰᠤᠲᠠᠶᠢᠴᠤᠳ ᠲᠤ ᠦᠢᠯᠡᠴᠢᠯᠡᠬᠦ ᠬᠠᠮᠤᠭ ᠤᠨ ᠪᠦᠲᠦᠮᠵᠢᠲᠡᠢ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠨ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ 6 ᠠᠩᠭᠢ ᠶᠢ ᠵᠣᠬᠢᠶᠠᠨ ᠪᠠᠶᠢᠭᠤᠯᠵᠤ᠂ ᠨᠠᠮ ᠤᠨ ᠭᠡᠰᠢᠭᠦᠳ ᠨᠠᠰᠤᠲᠠᠶᠢᠴᠤᠳ ᠤᠨ ᠭᠡᠷ ᠲᠤᠨᠢ ᠬᠦᠷᠴᠦ ᠠᠵᠢᠯ ᠶᠠᠪᠤᠳᠠᠯ ᠢ ᠨᠢ ᠰᠢᠢᠳᠪᠦᠷᠢᠯᠡᠨ ᠥᠭᠴᠦ᠂ ᠬᠠᠷᠢᠶ᠎ᠠ ᠣᠷᠣᠨ ᠤ ᠨᠠᠰᠤᠲᠠᠶᠢᠴᠤᠳ ᠲᠤ ᠭᠡᠵᠢᠭᠡ ᠬᠠᠶᠢᠴᠢᠯᠠᠬᠤ᠂ ᠣᠷᠣᠯᠠᠨ ᠭᠦᠢᠴᠡᠳᠬᠡᠬᠦ᠂ ᠣᠷᠣᠯᠠᠨ ᠬᠤᠳᠠᠯᠳᠤᠨ ᠠᠪᠬᠤ᠂ ᠴᠡᠪᠡᠷᠯᠡᠭᠡ ᠬᠢᠬᠦ ᠵᠡᠷᠭᠡ ᠡᠯ᠎ᠡ ᠲᠥᠷᠥᠯ ᠤᠨ ᠦᠢᠯᠡᠴᠢᠯᠡᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠪᠡ᠃ ︽ᠠᠵᠤ ᠠᠮᠢᠳᠤᠷᠠᠯ ᠳᠤᠮᠳᠠ ᠴᠢᠨᠢ ᠶᠠᠮᠠᠷᠪᠠ ᠬᠦᠴᠢᠷᠳᠡᠯ ᠲᠤᠯᠭᠠᠷᠠᠭᠰᠠᠨ ᠴᠤ ᠪᠢᠳᠠᠨ ᠲᠠᠢ ᠪᠦᠷ ᠬᠠᠷᠢᠯᠴᠠᠵᠤ ᠪᠣᠯᠣᠨ᠎ᠠ︾ ᠭᠡᠳᠡᠭ ᠦᠭᠡ ᠨᠢ ᠨᠠᠮ ᠤᠨ ᠭᠡᠰᠢᠭᠦᠨ ᠪᠣᠯᠣᠨ ᠤᠯᠠᠨ ᠲᠦᠮᠡᠨ ᠤ ᠬᠤᠭᠤᠷᠣᠨᠳᠣᠭᠢ ᠵᠠᠢ ᠶᠢ ᠨᠡᠩ ᠣᠶᠢᠷᠠᠲᠤᠭᠤᠯᠵᠠᠢ᠃    ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠬᠤ ᠳᠤ᠂ ᠢᠯᠡ ᠲᠣᠳᠣ ᠬᠥᠲᠥᠯᠥᠨ ᠵᠢᠯᠤᠭᠤᠳᠬᠤ ᠲᠡᠮᠳᠡᠭ ᠨᠢ ᠨᠢᠳᠦᠨ ᠳᠤ ᠲᠣᠳᠣᠷᠠᠵᠤ᠂ ᠵᠠᠯᠠᠭᠤ ᠰᠠᠶᠢᠨ ᠳᠤᠷᠠᠴᠤᠳ ᠴᠥᠮ ᠬᠠᠨᠴᠤᠢ ᠶᠢᠨ ᠲᠡᠮᠳᠡᠭ ᠢᠶᠠᠨ ᠵᠡᠭᠦᠵᠦ ᠠᠵᠢᠯ ᠤᠨ ᠪᠠᠶᠢᠷᠢ ᠳᠠᠭᠠᠨ ᠭᠠᠷᠴᠤ᠂ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠭᠦᠢᠴᠡᠳᠬᠡᠬᠦ ᠪᠠᠷ ᠢᠷᠡᠭᠰᠡᠨ ᠨᠠᠰᠤᠲᠠᠶᠢᠴᠤᠳ ᠢ ᠬᠠᠪᠰᠤᠷᠤᠨ ᠬᠦᠰᠦᠨᠦᠭ ᠲᠠᠭᠯᠠᠵᠤ᠂ ᠮᠠᠲ᠋ᠧᠷᠢᠶᠠᠯ ᠳᠠᠷᠤᠮᠠᠯᠯᠠᠬᠤ ᠶᠢᠨ ᠬᠠᠮᠲᠤ ᠬᠠᠷᠠᠭᠠᠯᠵᠠᠭᠰᠠᠨ ᠴᠣᠩᠬᠤᠪᠴᠢ ᠳᠤ ᠬᠦᠷᠴᠦ ᠠᠵᠢᠯ ᠶᠠᠪᠤᠳᠠᠯ ᠢ ᠨᠢ ᠭᠦᠢᠴᠡᠳᠬᠡᠵᠦ ᠥᠭᠭᠦᠨ᠎ᠡ᠃ ᠡᠭᠦᠨ ᠤ ᠬᠠᠮᠲᠤ ᠪᠠᠰᠠ ᠰᠠᠭᠠᠳ ᠦᠭᠡᠢ ᠨᠡᠪᠲᠡᠷᠡᠬᠦ ᠵᠠᠮ ᠂ ᠰᠠᠭᠠᠳ ᠦᠭᠡᠢ ᠠᠷᠢᠭᠤᠨ ᠴᠡᠪᠡᠷ ᠤᠨ ᠲᠠᠰᠤᠯᠭ᠎ᠠ᠂ ᠪᠠᠭᠤᠷᠠᠶᠢᠴᠤᠤᠯ ᠤᠨ ᠦᠢᠯᠡᠴᠢᠯᠡᠭᠡᠨ ᠤ ᠲᠤᠰᠬᠠᠢ ᠲᠣᠭᠤᠷᠢᠭ ᠭᠠᠷᠭᠠᠵᠤ᠂ ᠬᠦᠷᠳᠦᠲᠦ ᠰᠠᠨᠳᠠᠯᠢ᠂ ᠲᠠᠶᠠᠭ᠂ ᠡᠮ ᠡᠮᠨᠡᠯᠭᠡ ᠶᠢᠨ ᠬᠠᠶᠢᠷᠴᠠᠭ ᠵᠡᠷᠭᠡ ᠲᠥᠬᠦᠭᠡᠷᠦᠮᠵᠢ ᠲᠣᠬᠢᠷᠠᠭᠤᠯᠵᠤ᠂ ᠨᠠᠰᠤᠲᠠᠶᠢᠴᠤᠳ ᠤᠨ ᠠᠵᠢᠯ ᠶᠠᠪᠤᠳᠠᠯ ᠭᠦᠢᠴᠡᠳᠬᠡᠬᠦ ᠳᠤ ᠰᠠᠭᠠᠳ ᠦᠭᠡᠢ᠂ ᠨᠠᠩ ᠲᠥᠭᠦᠮ ᠪᠠᠶᠢᠬᠤ ᠶᠢ ᠪᠡᠶᠡᠯᠡᠭᠦᠯᠪᠡ᠃    ᠣᠳᠣ ᠶᠢᠨ ᠠᠮᠢᠳᠤᠷᠠᠯ ᠤᠨ ᠨᠥᠬᠦᠴᠡᠯ ᠤᠨ ᠲᠤᠬᠠᠢ ᠶᠠᠷᠢᠬᠤ ᠳᠤ᠂ 86 ᠨᠠᠰᠤᠲᠠᠢ ᠭᠠᠭᠴᠠᠭᠠᠷ ᠰᠠᠭᠤᠭ᠎ᠠ ᠭᠦᠸᠧ ᠵᠢᠶᠠᠨ ᠵᠦᠩ ᠨᠠᠰᠤᠲᠠᠨ ᠮᠠᠰᠢ ᠤᠯᠠᠨ ᠰᠡᠳᠬᠢᠯ ᠤᠨ ᠦᠭᠡ ᠪᠠᠨ ᠳᠡᠯᠭᠡᠪᠡ᠃ ᠲᠡᠷᠡ ᠪᠠᠩᠬᠢ ᠶᠢᠨ ᠺᠠᠷᠲ ᠤᠨ ᠨᠢᠭᠤᠴᠠ ᠨᠣᠮᠧᠷ ᠢᠶᠠᠨ ᠮᠠᠷᠲᠠᠴᠢᠬᠠᠵᠠᠢ᠂ ᠶᠠᠪᠤᠵᠤ ᠰᠠᠭᠤᠬᠤ ᠳᠤ ᠳᠥᠭᠦᠮ ᠦᠭᠡᠢ᠂ ᠦᠷ᠎ᠡ ᠬᠡᠦᠬᠡᠳ ᠨᠢ ᠳᠡᠷᠭᠡᠳᠡ ᠨᠢ ᠪᠠᠶᠢᠬᠤ ᠦᠭᠡᠢ ᠪᠣᠯᠬᠤᠷ ᠲᠤᠷᠰᠢᠵᠤ ᠦᠵᠡᠬᠦ ᠣᠪᠣᠷ ᠢᠶᠠᠷ ᠤᠷᠠᠳ ᠤᠨ ᠳᠤᠮᠳᠠᠳᠤ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠠᠰᠠᠭᠤᠨ ᠯᠠᠪᠯᠠᠬᠤ ᠤᠲᠠᠰᠤ ᠶᠢ ᠵᠠᠯᠭᠠᠭᠰᠠᠨ ᠪᠠᠶᠢᠵᠠᠢ᠃ ᠨᠠᠰᠤᠲᠠᠨ ᠤ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠭᠰᠠᠨ ᠤ ᠳᠠᠷᠠᠭ᠎ᠠ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶᠠᠨ ᠤ ᠠᠵᠢᠯᠲᠠᠳ ᠨᠠᠰᠤᠲᠠᠨ ᠤ ᠭᠡᠷ ᠲᠤᠨᠢ ᠬᠦᠷᠴᠦ᠂ ᠰᠢᠯᠵᠢᠮᠡᠯ ᠦᠵᠦᠭᠦᠷᠯᠢᠭ ᠤᠨ ᠲᠥᠬᠦᠭᠡᠷᠦᠮᠵᠢ ᠪᠠᠷ ᠨᠢᠭᠤᠴᠠ ᠨᠣᠮᠧᠷ ᠳᠠᠭᠢᠨ ᠲᠣᠬᠢᠷᠠᠭᠤᠯᠬᠤ ᠠᠵᠢᠯ ᠢ ᠰᠠᠶᠢᠲᠤᠷ ᠭᠦᠢᠴᠡᠳᠬᠡᠵᠦ ᠥᠭᠪᠡ᠃ ᠡᠭᠦᠨ ᠠᠴᠠ ᠭᠠᠳᠠᠨ᠎ᠠ᠂ ᠬᠠᠷᠢᠶ᠎ᠠ ᠣᠷᠣᠨ ᠳᠠᠬᠢ ᠨᠠᠰᠤᠲᠠᠶᠢᠴᠤᠳ ᠤᠨ ᠮᠥᠩᠭᠦᠨ ᠭᠦᠢᠯᠭᠡᠭᠡᠨ ᠤ ᠲᠤᠬᠠᠢ ᠬᠡᠷᠡᠭᠴᠡᠭᠡ ᠱᠠᠭᠠᠷᠳᠠᠯᠭ᠎ᠠ ᠶᠢ ᠨᠠᠩ ᠣᠨᠣᠪᠴᠢᠲᠠᠶ ᠣᠶᠢᠯᠠᠭᠠᠬᠤ ᠶᠢᠨ ᠲᠥᠯᠥᠭᠡ᠂ ᠬᠦᠰᠦᠨᠦᠭᠴᠢᠯᠡᠭᠰᠡᠨ ᠦᠢᠯᠡᠴᠢᠯᠡᠭᠡᠨ ᠤ ᠵᠠᠭᠪᠤᠷ ᠢ ᠰᠢᠨ᠎ᠡ ᠪᠠᠷ ᠡᠭᠦᠳᠴᠦ᠂ ᠲᠣᠭᠠᠴᠠᠭ᠎ᠠ ᠬᠢᠬᠦ ᠦᠢᠯᠡᠴᠢᠯᠡᠭᠡ ᠶᠢᠨ ᠨᠠᠰᠤᠲᠠᠶᠢᠴᠤᠳ ᠲᠤ ᠲᠣᠬᠢᠷᠠᠮᠵᠢ ᠦᠭᠡᠢ ᠪᠠᠶᠢᠳᠠᠯ ᠢ ᠲᠡᠮᠳᠡᠭᠯᠡᠬᠦ ᠬᠦᠰᠦᠨᠦᠭᠲᠦ ᠭᠠᠷᠭᠠᠨ᠂ ᠦᠨᠳᠦᠰᠦᠨ ᠱᠠᠲᠤ ᠪᠠᠷ ᠲᠥᠪ ᠪᠤᠯᠭᠠᠵᠤ᠂ ᠨᠠᠰᠤᠲᠠᠶᠢᠴᠤᠳ ᠲᠤ ᠲᠣᠬᠢᠷᠠᠬᠤ ᠦᠢᠯᠡᠴᠢᠯᠡᠭᠡ ᠶᠢ ᠲᠦᠢᠯ ᠤᠨ ᠣᠨᠣᠪᠴᠢᠲᠠᠶ ᠪᠠᠷ ᠢᠵᠢ ᠪᠦᠷᠢᠳᠦᠭᠦᠯᠪᠡ᠃ ᠡᠭᠦᠨ ᠤ ᠬᠠᠮᠲᠤ᠂ ᠡᠯ᠎ᠡ ᠴᠡᠭ ᠤᠨ ᠨᠠᠰᠤᠲᠠᠶᠢᠴᠤᠳ ᠲᠤ ᠲᠣᠬᠢᠷᠠᠬᠤ ᠲᠥᠬᠦᠭᠡᠷᠦᠮᠵᠢ ᠶᠢ ᠪᠠᠶᠢᠴᠠᠭᠠᠨ ᠵᠠᠰᠠᠵᠤ ᠨᠥᠬᠦᠪᠦᠷᠢᠯᠡᠵᠦ᠂ ᠨᠢᠳᠦᠨ ᠰᠢᠯ᠂ ᠲᠣᠮᠣᠷᠠᠭᠤᠯᠬᠤ ᠰᠢᠯ᠂ ᠲᠦᠷᠭᠡᠨ ᠠᠪᠤᠷᠠᠯᠳᠠ ᠶᠢᠨ ᠡᠮ ᠤᠨ ᠬᠠᠶᠢᠷᠴᠠᠭ᠂ ᠰᠠᠭᠠᠳ ᠦᠭᠡᠢ ᠨᠡᠪᠲᠡᠷᠡᠬᠦ ᠵᠠᠮ ᠵᠡᠷᠭᠡ ᠪᠡᠯᠡᠳᠬᠡᠮᠵᠢ ᠶᠢᠨ ᠲᠣᠬᠢᠷᠠᠭᠤᠯᠤᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠪᠠ᠃    ᠤᠷᠠᠳ ᠤᠨ ᠳᠤᠮᠳᠠᠳᠤ ᠬᠤᠰᠢᠭᠤ ᠨᠠᠰᠤᠲᠠᠶᠢᠴᠤᠳ ᠤᠨ ᠪᠣᠳᠠᠰ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠨᠠᠰᠤᠲᠠᠶᠢᠴᠤᠳ ᠤᠨ ᠶᠡᠭᠡ ᠰᠤᠷᠭᠠᠭᠤᠯᠢ᠂ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ ᠵᠡᠷᠭᠡ ᠳᠤ ᠭᠦᠢᠴᠡᠳ ᠲᠦᠰᠢᠭᠯᠡᠵᠦ᠂ ᠨᠠᠰᠤᠲᠠᠶᠢᠴᠤᠳ ᠤᠨ ᠣᠶᠤᠨ ᠰᠠᠨᠠᠭᠠᠨ ᠤ ᠬᠡᠷᠡᠭᠴᠡᠭᠡ ᠱᠠᠭᠠᠷᠳᠠᠯᠭ᠎ᠠ ᠶᠢ ᠠᠩᠬᠠᠷᠴᠤ᠂ ︽ᠨᠠᠮ ᠤᠨ ᠪᠠᠶᠢᠭᠤᠯᠤᠯᠲᠠ + ᠰᠤᠷᠤᠯᠴᠠᠯᠭ᠎ᠠ︾ ᠶᠢᠨ ᠵᠠᠭᠪᠤᠷ ᠲᠤ ᠰᠢᠨ᠎ᠡ ᠶᠢ ᠡᠭᠦᠳᠴᠦ᠂ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠵᠢᠭᠠᠨ ᠰᠤᠷᠭᠠᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠢ ᠲᠥᠯᠥᠪᠵᠢᠭᠦᠯᠦᠨ ᠪᠠᠶᠢᠷᠢᠯᠠᠭᠤᠯᠵᠤ᠂ ᠨᠠᠰᠤᠲᠠᠶᠢᠴᠤᠳ ᠤᠨ ᠶᠡᠭᠡ ᠰᠤᠷᠭᠠᠭᠤᠯᠢ ᠬᠢᠭᠡᠳ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠤᠶᠠᠯᠳᠤᠭᠤᠯᠬᠤ ᠶᠢ ᠠᠬᠢᠭᠤᠯᠵᠤ᠂ ᠰᠠᠭᠤᠷᠢᠨ ᠭᠠᠵᠠᠷ ᠢ ᠬᠠᠮᠲᠤᠷᠠᠨ ᠬᠡᠷᠡᠭᠯᠡᠬᠦ᠂ ᠬᠦᠴᠦᠨ ᠴᠢᠳᠠᠯ ᠢ ᠨᠢᠭᠡᠳᠬᠡᠬᠦ᠂ ᠡᠬᠢ ᠪᠠᠶᠠᠯᠢᠭ ᠢ ᠬᠠᠮᠲᠤ ᠳᠤ ᠪᠠᠨ ᠭᠦᠷᠳᠡᠭᠦ ᠶᠢ ᠪᠡᠶᠡᠯᠡᠭᠦᠯᠵᠦ᠂ ᠨᠠᠰᠤᠲᠠᠶᠢᠴᠤᠳ ᠢ ︽ᠭᠡᠷ ᠤᠨ ᠢᠶᠠᠨ ᠡᠭᠦᠳᠡᠨ ᠳᠤ︾ ᠥᠲᠡᠯᠬᠦ ᠠᠴᠠ ᠰᠤᠷᠤᠯᠴᠠᠬᠤ ᠭᠠᠵᠠᠷ ᠲᠠᠢ᠂ ᠥᠲᠡᠯᠬᠦ ᠠᠴᠠ ᠬᠢᠬᠦ ᠠᠵᠢᠯ ᠲᠠᠢ᠂ ᠥᠲᠡᠯᠬᠦ ᠠᠴᠠ ᠪᠠᠶᠠᠷ ᠪᠠᠶᠠᠰᠤᠯ ᠲᠠᠢ ᠪᠠᠶᠢᠬᠤ ᠶᠢ ᠪᠡᠶᠡᠯᠡᠭᠦᠯᠪᠡ᠃    ᠤᠯᠠᠮᠵᠢᠯᠠᠯᠲᠤ ᠤᠷᠠᠨ ᠪᠢᠴᠢᠯᠭᠡ᠂ ᠳᠠᠭᠤᠤ ᠬᠥᠭᠵᠢᠮ ᠤᠨ ᠬᠢᠴᠢᠶᠡᠯ ᠨᠡᠭᠡᠭᠡᠭᠰᠡᠨ ᠨᠢ ᠨᠠᠰᠤᠲᠠᠶᠢᠴᠤᠳ ᠤᠨ ᠰᠡᠳᠬᠢᠯ ᠳᠤ ᠨᠡᠩ ᠢᠯᠡᠭᠦᠦ ᠲᠠᠭᠠᠯᠠᠭᠳᠠᠵᠤ ᠪᠢᠯᠡ᠃ ᠪᠢᠷ ᠪᠠᠷᠢᠬᠤ ᠮᠡᠳᠡᠯᠭᠡ ᠠᠴᠠ ᠦᠰᠦᠭ ᠤᠨ ᠪᠦᠲᠦᠴᠡ ᠪᠦᠷᠢᠯᠳᠦᠭᠦᠨ᠂ ᠦᠨᠳᠦᠰᠦᠨ ᠵᠢᠷᠤᠯᠭ᠎ᠠ᠂ ᠦᠰᠦᠭ ᠪᠠᠶᠢᠷᠢᠯᠠᠭᠤᠯᠬᠤ ᠭᠡᠯᠪᠡᠷᠢ ᠵᠡᠷᠭᠡ ᠭᠦᠷᠲᠡᠯ᠎ᠡ ᠬᠠᠰᠠᠷ ᠨᠡᠶᠢᠭᠡᠮ ᠲᠣᠭᠤᠷᠢᠭ ᠨᠠᠰᠤᠲᠠᠶᠢᠴᠤᠳ ᠤᠨ ᠤᠷᠠᠨ ᠪᠢᠴᠢᠯᠭᠡ ᠶᠢᠨ ᠠᠩᠭᠢ ᠶᠢ ᠵᠣᠬᠢᠶᠠᠨ ᠪᠠᠶᠢᠭᠤᠯᠵᠤ᠂ ᠪᠠᠭᠰᠢ ᠨᠠᠷ ᠤᠷᠠᠨ ᠪᠢᠴᠢᠯᠭᠡ ᠶᠢᠨ ᠤᠷ᠎ᠠ ᠮᠡᠷᠭᠡᠵᠢᠯ ᠢ ᠨᠠᠷᠢᠨ ᠬᠢᠨᠠᠮᠠᠭᠠᠢ ᠤᠯᠠᠮᠵᠢᠯᠠᠨ ᠵᠢᠭᠠᠵᠤ᠂ ᠨᠢᠭᠡ ᠬᠢᠴᠢᠶᠡᠯ ᠤᠨ ᠴᠠᠭ ᠤᠨ ᠳᠠᠷᠠᠭ᠎ᠠ ᠪᠤᠭᠤᠷᠤᠯ ᠰᠤᠷᠤᠬᠴᠢᠳ ᠨᠢᠭᠡᠨᠲᠡ ᠳᠥᠭᠦᠮ ᠪᠢᠴᠢᠯᠭᠡ ᠪᠢᠴᠢᠵᠦ ᠡᠬᠢᠯᠡᠪᠡ᠃ ︽ᠪᠢ ᠳᠠᠭᠤᠤ ᠳᠠᠭᠤᠯᠠᠬᠤ ᠮᠠᠰᠢ ᠳᠤᠷᠠᠲᠠᠢ᠂ ᠰᠣᠨᠤᠰᠬᠤᠯᠠᠷ ᠮᠠᠨ ᠤ ᠠᠳᠡᠬᠢ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠴᠡᠭ ᠪᠠᠶᠢᠭᠤᠯᠤᠭᠳᠠᠭᠰᠠᠨ ᠭᠡᠨ᠎ᠡ᠂ ᠡᠭᠦᠨ ᠳᠤ ᠨᠠᠶᠢᠷᠠᠯ ᠳᠠᠭᠤᠤ ᠶᠢᠨ ᠠᠩᠭᠢ ᠪᠠᠶᠢᠭ᠎ᠠ ᠪᠣᠯᠬᠤᠷ ᠪᠢᠳᠡ ᠬᠦᠷᠦᠯᠴᠡᠨ ᠢᠷᠡᠵᠡᠢ᠂ ᠤᠳᠤ ᠡᠶᠢᠮᠦ ᠣᠯᠠᠨ ᠳᠠᠭᠤᠤ ᠬᠥᠭᠵᠢᠮ ᠳᠤ ᠪᠠᠭ᠋ᠠᠲᠠᠢ ᠬᠥᠮᠥᠰ ᠲᠠᠢ ᠬᠠᠮᠲᠤ ᠰᠤᠷᠤᠯᠴᠠᠬᠤ ᠨᠢ ᠮᠠᠰᠢ ᠪᠠᠶᠠᠷᠲᠠᠢ ᠰᠠᠨᠠᠭᠳᠠᠨ᠎ᠠ︾ ᠭᠡᠵᠦ ᠰᠢᠩ ᠹᠦ᠋ ᠬᠠᠷᠢᠯᠴᠠᠨ ᠬᠠᠪᠰᠤᠷᠤᠯᠴᠠᠬᠤ ᠬᠦᠷᠢᠶᠡᠯᠡᠩ ᠳᠤ ᠰᠠᠭᠤᠭ᠎ᠠ ᠨᠠᠶᠢᠷᠠᠯ ᠳᠠᠭᠤᠤ ᠶᠢᠨ ᠠᠩᠭᠢ ᠶᠢᠨ ᠭᠡᠰᠢᠭᠦᠨ ᠵᠠᠩ ᠠᠨᠢᠶ᠎ᠠ ᠰᠢᠬ᠎ᠠ ᠭᠤᠣᠯ ᠪᠠᠯᠭᠠᠰᠤ ᠶᠢᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠴᠡᠭ ᠤᠨ ᠪᠠᠶᠢᠭᠤᠯᠤᠭᠳᠠᠭᠰᠠᠨ ᠳᠤ ᠡᠷᠡᠬᠡᠢ ᠭᠠᠷᠭᠠᠨ ᠮᠠᠭᠲᠠᠨ ᠰᠠᠶᠢᠰᠢᠶᠠᠵᠤ ᠪᠠᠶᠢᠯ᠎ᠠ᠃    ᠣᠳᠣᠬᠠᠨ ᠪᠤᠯᠲᠠᠯ᠎ᠠ᠂ ᠤᠷᠠᠳ ᠤᠨ ᠳᠤᠮᠳᠠᠳᠤ ᠬᠤᠰᠢᠭᠤᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ 6 ᠨᠡᠶᠢᠭᠡᠮ ᠲᠣᠭᠤᠷᠢᠭ ᠤᠨ ᠬᠤᠪᠢᠶᠠᠷᠢ ᠰᠤᠷᠭᠠᠭᠤᠯᠢ᠂ 11 ᠰᠤᠮᠤ ᠪᠠᠯᠭᠠᠰᠤ ︵ᠲᠥᠪ᠂ ᠺᠤᠮᠫᠠᠨᠢ︶ ᠶᠢᠨ ᠵᠢᠭᠠᠨ ᠰᠤᠷᠭᠠᠯᠲᠠ ᠶᠢᠨ ᠴᠡᠭ ᠪᠦᠭᠦᠨ ᠢᠶᠠᠷ ᠢᠶᠠᠨ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠭᠰᠠᠨ ᠪᠥᠭᠡᠳ ᠬᠢᠴᠢᠶᠡᠯ ᠣᠷᠣᠵᠤ᠂ ᠨᠠᠰᠤᠲᠠᠶᠢᠴᠤᠳ ᠢ ︽ᠰᠤᠷᠭᠠᠭᠤᠯᠢ ᠳᠤ ᠬᠦᠷᠭᠡᠬᠦ︾ ᠶᠢ ᠦᠨᠡᠨ ᠬᠦ ᠪᠡᠶᠡᠯᠡᠭᠦᠯᠵᠦ᠂ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠦᠷᠭᠦᠯᠵᠢᠯᠡᠨ ᠥᠷᠭᠡᠳᠬᠡᠪᠡ᠃ ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠠᠯᠠᠭ᠎ᠠ᠃ ᠤᠷᠠᠳ ᠤᠨ ᠳᠤᠮᠳᠠᠳᠤ ᠬᠤᠰᠢᠭᠤ ᠡᠶᠢᠨᠬᠦ ᠪᠣᠳᠠᠲᠠᠢ ᠠᠷᠭ᠎ᠠ ᠬᠡᠮᠵᠢᠶ᠎ᠡ ᠪᠠᠷ ᠨᠠᠰᠤᠲᠠᠶᠢᠴᠤᠳ ᠲᠤ ᠰᠠᠯᠬᠢ ᠪᠣᠷᠣᠭᠠᠨ ᠢ ᠬᠠᠯᠬᠠᠯᠠᠬᠤ ︽ᠵᠣᠯ ᠵᠢᠷᠭᠠᠯ ᠤᠨ ᠰᠢᠬᠦᠷ︾ ᠳᠡᠯᠭᠡᠨ ᠥᠭᠴᠦ᠂ ᠠᠯᠢ ᠣᠯᠠᠨ ᠬᠠᠮᠠᠭᠠᠯᠠᠯᠲᠠ ᠶᠢᠨ ᠲᠣᠭᠲᠠᠴᠠ ᠪᠣᠯᠣᠨ ᠲᠠᠪᠴᠠᠩ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠯᠢ ᠣᠯᠠᠨ ᠠᠵᠢᠯ ᠢ ᠪᠠᠴᠢᠮ ᠶᠠᠭᠠᠷᠠᠯᠲᠠᠢ ᠠᠬᠢᠭᠤᠯᠵᠤ᠂ ᠠᠯᠢ ᠣᠯᠠᠨ ᠰᠠᠶᠢᠨ ᠳᠤᠷᠠᠴᠤᠳ ᠢ ᠬᠤᠶᠢᠨ᠎ᠠ ᠬᠤᠶᠢᠨ᠎ᠠ ᠠᠴᠠ ᠨᠢ ᠣᠷᠣᠯᠴᠠᠭᠤᠯᠵᠤ᠂ ᠨᠠᠰᠤᠲᠠᠶᠢᠴᠤᠳ ᠤᠨ ᠵᠣᠯ ᠵᠢᠷᠭᠠᠯᠲᠤ ᠲᠥᠷᠥᠭᠳᠡᠯ ᠪᠣᠯᠣᠨ ᠬᠦᠷᠲᠡᠮᠵᠢ ᠶᠢᠨ ᠲᠥᠷᠥᠭᠳᠡᠯ ᠢ ᠢᠯᠡᠳᠲᠡ ᠳᠡᠭᠡᠭᠰᠢᠯᠡᠭᠦᠯᠦᠭᠰᠡᠨ ᠪᠠᠶᠢᠨ᠎ᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ