ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2024/1/16
    1 ᠰᠠᠷ᠎ᠠ ᠶᠢᠨ 11 ᠤ ᠡᠳᠦᠷ᠂ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠬᠤᠳᠠ ᠶᠢᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠲᠣᠪᠴᠢᠶᠠᠨ ᠤ ᠪᠠᠶᠢᠭᠤᠯᠭ᠎ᠠ ᠶᠢᠨ ᠪᠦᠬᠦ ᠺᠠᠲᠡᠷᠴᠤᠳ ᠣᠷᠣᠯᠴᠠᠵᠤ᠂ ᠬᠤᠷᠠᠯ ᠢ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠶᠦᠩ ᠱᠧᠩ ᠡᠷᠬᠢᠯᠡᠪᠡ᠃       ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ ᠨᠥᠬᠦᠷ ᠪᠣᠯᠤᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠨᠥᠬᠦᠷ ᠤᠨ 1 ᠰᠠᠷ᠎ᠠ ᠶᠢᠨ 10 ᠤ ᠡᠳᠦᠷ ᠤᠨ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠠᠩᠬᠠᠳᠤᠭᠠᠷ ᠪᠥᠬᠦᠳᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ 2023 ᠣᠨ ᠤ ᠪᠦᠬᠦ ᠬᠤᠳᠠ ᠶᠢᠨ ᠠᠵᠢᠯ ᠳᠤ ᠣᠯᠤᠭᠰᠠᠨ ᠠᠵᠢᠯ ᠬᠢᠵᠦ ᠦᠢᠯᠡᠰ ᠪᠤᠰᠬᠠᠬᠤ ᠰᠢᠨ᠎ᠡ ᠬᠡᠪ ᠰᠤᠷᠲᠠᠯ᠂ ᠶᠡᠷᠦᠩᠬᠡᠶᠢᠯᠡᠭᠰᠡᠨ ᠪᠣᠳᠠᠲᠤ ᠬᠦᠴᠦᠨ ᠤ ᠰᠢᠨ᠎ᠡ ᠠᠮᠵᠢᠯᠲᠠ ᠪᠦᠲᠦᠮᠵᠢ᠂ ᠠᠮᠢ ᠠᠬᠤᠢ ᠶᠢᠨ ᠣᠷᠴᠢᠨ ᠲᠣᠭᠤᠷᠢᠨ ᠤ ᠰᠢᠨ᠎ᠡ ᠬᠠᠭᠤᠳᠠᠰᠤ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠳᠠᠪᠠᠭᠤᠯᠢᠭ᠂ ᠥᠭᠡᠷᠡᠴᠢᠯᠡᠯᠲᠡ ᠨᠡᠬᠡᠬᠡᠯᠳᠡ ᠶᠢᠨ ᠰᠢᠨ᠎ᠡ ᠪᠠᠶᠢᠷᠢᠰᠢᠯ᠂ ᠠᠷᠠᠳ ᠤᠨ ᠠᠮᠢᠳᠤᠷᠠᠯ ᠤᠨ ᠵᠣᠯ ᠵᠢᠷᠭᠠᠯ ᠤᠨ ᠰᠢᠨ᠎ᠡ ᠪᠤᠶᠠᠨ ᠵᠢᠷᠭᠠᠯ᠂ ᠨᠡᠶᠢᠭᠡᠮ ᠤᠨ ᠵᠠᠰᠠᠯᠲᠠ ᠶᠢᠨ ᠰᠢᠨ᠎ᠡ ᠬᠠᠭᠤᠳᠠᠰᠤ᠂ ᠠᠶᠠᠯᠠᠯ ᠢ ᠳᠠᠭᠠᠭᠤᠯᠤᠨ ᠬᠦᠴᠦᠨ ᠢ ᠨᠢᠭᠲᠠᠷᠠᠭᠤᠯᠬᠤ ᠰᠢᠨ᠎ᠡ ᠳᠦᠷᠰᠦ ᠪᠠᠶᠢᠳᠠᠯ ᠵᠡᠷᠭᠡ ᠨᠠᠢᠮᠠᠨ ᠲᠠᠯ᠎ᠠ ᠶᠢᠨ ᠠᠮᠵᠢᠯᠲᠠ ᠪᠦᠲᠦᠮᠵᠢ ᠳᠤ ᠬᠠᠨᠳᠤᠵᠤ᠂  2024 ᠣᠨ ᠳᠤ ᠪᠠᠶᠢᠷᠢᠯᠠᠭᠤᠯᠤᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠠᠯ᠎ᠠ ᠪᠠᠷ ᠭᠠᠪᠰᠢᠭᠠᠶᠢᠯᠠᠨ ᠣᠷᠣᠬᠤ ᠪᠠᠷ ᠴᠢᠷᠮᠠᠶᠢᠵᠤ᠂ ᠠᠵᠤ ᠠᠬᠤᠶ ᠶᠢᠨ ᠨᠡᠮᠡᠭᠳᠡᠯ ᠢ ᠨᠡᠮᠡᠭᠳᠡᠭᠦᠯᠵᠦ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠰᠢᠪᠲᠤᠯᠤᠯᠲᠠ ᠭᠠᠷᠭᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠲᠠᠯ᠎ᠠ ᠪᠠᠷ ᠰᠢᠪᠲᠤᠯᠤᠯᠲᠠ ᠬᠢᠵᠦ ᠲᠡᠷᠢᠭᠦᠨ ᠳᠤ ᠲᠠᠯᠪᠢᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠰᠢᠪᠲᠤᠯᠤᠯᠲᠠ ᠬᠢᠵᠦ ᠲᠡᠷᠢᠭᠦᠨ ᠳᠤ ᠲᠠᠯᠪᠢᠬᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ ᠰᠢᠪᠲᠤᠯᠤᠯᠲᠠ ᠬᠢᠵᠦ ᠲᠡᠷᠢᠭᠦᠨ ᠳᠤ ᠲᠠᠯᠪᠢᠬᠤ᠂ ᠥᠭᠡᠷᠡᠴᠢᠯᠡᠯᠲᠡ ᠨᠡᠭᠡᠭᠡᠯᠳᠠ ᠬᠢᠵᠦ ᠰᠢᠨ᠎ᠡ ᠶᠢ ᠡᠭᠦᠳᠬᠦ ᠲᠠᠯ᠎ᠠ ᠪᠠᠷ ᠰᠢᠪᠲᠤᠯᠤᠯᠲᠠ ᠬᠢᠵᠦ ᠲᠡᠷᠢᠭᠦᠨ ᠳᠤ ᠲᠠᠯᠪᠢᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠯ᠎ᠠ ᠪᠠᠷ ᠰᠢᠪᠲᠤᠯᠤᠯᠲᠠ ᠬᠢᠵᠦ ᠲᠡᠷᠢᠭᠦᠨ ᠳᠤ ᠲᠠᠯᠪᠢᠬᠤ᠂ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠰᠢᠪᠲᠤᠯᠤᠯᠲᠠ ᠬᠢᠵᠦ ᠲᠡᠷᠢᠭᠦᠨ ᠳᠤ ᠲᠠᠯᠪᠢᠬᠤ᠂ ᠨᠠᠮ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠰᠢᠪᠲᠤᠯᠤᠯᠲᠠ ᠬᠢᠵᠦ ᠲᠡᠷᠢᠭᠦᠨ ᠳᠤ ᠲᠠᠯᠪᠢᠬᠤ ᠪᠠᠷ ᠴᠢᠷᠮᠠᠶᠢᠬᠤ ᠵᠡᠷᠭᠡ ︽ᠶᠢᠰᠦᠨ ᠲᠡᠷᠢᠭᠦᠨ ᠳᠤ ᠲᠠᠯᠪᠢᠬᠤ︾ ᠠᠵᠢᠯ ᠢ ᠪᠦᠬᠦ ᠲᠠᠯ᠎ᠠ ᠪᠠᠷ ᠵᠥᠪ ᠣᠨᠣᠪᠴᠢᠲᠠᠢ ᠰᠤᠷᠤᠯᠴᠠᠨ ᠤᠯᠠᠮᠵᠢᠯᠠᠪᠠ᠃     ᠬᠤᠲᠠ ᠶᠢᠨ ᠨᠠᠮ ᠤᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠵᠠᠩ ᠶᠦᠩ ᠱᠧᠩ ᠴᠢᠬᠤᠯᠠᠴᠢᠯᠠᠬᠤ ᠳᠠᠭᠠᠨ᠂ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠵᠢᠷᠭᠤᠭᠠᠨ ᠲᠠᠯ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠶ᠃ ᠨᠢᠭᠡ ᠳᠤ᠂ ᠰᠤᠷᠭᠠᠨ ᠬᠥᠮᠦᠵᠢᠯ ᠤᠨ ᠰᠢᠰᠲᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠨᠢ ︽ᠨᠠᠮ ᠤᠨ ᠪᠠᠶᠢᠭᠤᠯᠤᠯᠲᠠ ᠶᠢᠨ ᠰᠦᠭ ᠰᠦᠨᠡᠰᠦ ᠶᠢ ᠱᠤᠭᠤᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ︾ ᠲᠦᠷᠦᠯ ᠲᠡᠮᠳᠡᠭ ᠲᠠᠢ ᠨᠢᠭᠲᠠ ᠤᠶᠠᠯᠳᠤᠭᠤᠯᠵᠤ᠂ ᠨᠢᠭᠡ ᠰᠠᠯᠠᠭ᠎ᠠ ᠬᠡᠯᠲᠡᠰ ᠨᠢᠭᠡ ᠨᠡᠶᠢᠲᠡᠯᠢᠭ‌ᠵᠢᠱᠢᠶ᠎ᠡ ᠲᠠᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ︽ᠨᠠᠮ ᠤᠨ ᠲᠥᠯᠥᠭᠡ ᠬᠥᠮᠦᠨ ᠢ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠬᠦ︾ ᠵᠠᠷᠴᠢᠮ ᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠰᠤᠷᠭᠠᠨ ᠬᠥᠮᠦᠵᠢᠯ ᠤᠨ ᠠᠵᠢᠯ ᠳᠠᠬᠢ ᠬᠦᠳᠦᠯᠦᠨ ᠳᠠᠭᠠᠭᠤᠯᠬᠤ ᠶᠢ ᠴᠢᠩᠭᠠᠳᠬᠠᠬᠤ ᠬᠡᠷᠡᠭᠲᠡᠢ᠃ ᠬᠤᠶᠠᠷ ᠲᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠪᠥᠬᠦ ᠬᠤᠲᠠ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ ︽ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ︾ ᠲᠠᠪᠤᠨ ᠬᠥᠮᠦᠵᠢᠯ ᠢ ᠵᠡᠷᠭᠡ ᠪᠠᠷ ᠠᠳᠬᠤᠬᠤ ᠳᠤ ᠭᠦᠢᠴᠡᠳ ᠬᠦᠴᠦᠯᠡᠵᠦ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠲᠦᠷᠪᠡ ᠳᠤ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠪᠠᠭᠰᠢ ᠶᠢᠨ ᠡᠩᠨᠡᠭᠡ ᠶᠢ ᠪᠠᠶᠢᠭᠤᠯᠵᠤ᠂ ᠠᠵᠢᠯ ᠬᠢᠵᠦ ᠦᠢᠯᠡᠰ ᠪᠤᠰᠬᠠᠬᠤ ᠲᠤᠰᠬᠠᠢ ᠮᠡᠷᠭᠡᠵᠢᠯ ᠤᠨ ᠪᠦᠯᠬᠦᠮ ᠢ ᠪᠠᠶᠢᠭᠤᠯᠬᠤ ᠬᠡᠷᠡᠭᠲᠡᠢ᠃ ᠲᠠᠪᠤ ᠳᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢ ᠪᠠᠲᠤᠳᠬᠠᠵᠤ᠂ ᠰᠤᠷᠭᠠᠭᠤᠯᠢ ᠶᠢᠨ ᠬᠦᠷᠢᠶᠡᠨ ᠤ ᠪᠠᠭᠰᠢ ᠰᠤᠷᠤᠭᠴᠢᠳ ᠤᠨ ᠠᠮᠤᠷ ᠲᠦᠪᠰᠢᠨ ᠢ ᠪᠠᠲᠤᠯᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃ ᠵᠢᠷᠭᠤᠭ᠎ᠠ ᠳᠤ᠂ ᠰᠤᠷᠭᠠᠨ ᠬᠥᠮᠦᠵᠢᠯ ᠤᠨ ᠰᠢᠰᠲᠧᠮ ᠤᠨ ᠳᠤᠲᠠᠭᠤᠳᠠᠯ ᠤᠨ ᠠᠰᠠᠭᠤᠳᠠᠯ ᠢ ᠲᠠᠬᠢᠨ ᠡᠮᠬᠢᠯᠡᠵᠦ᠂ ᠲᠠᠬᠢᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃     ᠳᠠᠷᠠᠭᠠᠴᠢ ᠶᠢᠨ ᠠᠯᠬᠤᠮ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠠᠷᠭ᠎ᠠ ᠪᠦᠬᠦᠨ ᠢ ᠰᠦᠪᠡᠭᠴᠢᠯᠡᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠪᠠᠭᠤᠷᠠᠶ ᠰᠤᠷᠭᠠᠭᠤᠯᠢ ᠪᠣᠯᠤᠨ ᠰᠢᠯᠢᠳᠡᠭ ᠰᠤᠷᠭᠠᠭᠤᠯᠢ ᠶᠢᠨ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠵᠤ᠂ ᠰᠢᠨ᠎ᠡ ᠲᠣᠭᠤᠷᠢᠭ ᠤᠨ ᠪᠠᠭ᠎ᠠ ᠰᠤᠷᠭᠠᠭᠤᠯᠢ᠂ ᠰᠢᠨ᠎ᠡ ᠲᠣᠭᠤᠷᠢᠭ ᠤᠨ ᠬᠡᠦᠬᠡᠳ ᠤᠨ ᠴᠡᠴᠡᠷᠯᠢᠭ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠵᠠᠰᠠᠭ ᠤᠨ ᠰᠤᠷᠲᠠᠯ ᠲᠣᠳᠣᠷᠬᠠᠢ᠂ ᠰᠤᠷᠭᠠᠭᠤᠯᠢ ᠶᠢᠨ ᠰᠤᠷᠲᠠᠯ ᠠᠷᠢᠭᠤᠨ ᠴᠡᠪᠡᠷ᠂ ᠰᠤᠷᠭᠠᠨ ᠬᠥᠮᠦᠵᠢᠯ ᠤᠨ ᠰᠤᠷᠲᠠᠯ ᠲᠥᠪ ᠴᠢᠬᠡᠴᠢ᠂ ᠰᠤᠷᠤᠯᠴᠠᠬᠤ ᠰᠤᠷᠲᠠᠯ ᠰᠢᠨ᠎ᠡ ᠰᠣᠷᠭᠤᠭ ᠰᠤᠷᠭᠠᠨ ᠬᠥᠮᠦᠵᠢᠯ ᠤᠨ ᠠᠮᠢ ᠠᠬᠤᠢ ᠶᠢ ᠴᠢᠷᠮᠠᠶᠢᠨ ᠪᠠᠶᠢᠭᠤᠯᠵᠤ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠡᠷᠬᠢᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠦᠯᠢᠭᠡᠷ ᠳᠠᠭᠤᠷᠢᠶᠠᠯ ᠬᠤᠳᠠ ᠶᠢ ᠪᠦᠳᠦᠭᠡᠨ ᠪᠠᠶᠢᠭᠤᠯᠬᠤ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠨᠡᠮᠡᠷᠢᠯᠡᠨ᠎ᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ