ᠵᠠᠯᠠᠨ ᠠᠶᠢᠯ ᠤᠨ ᠮᠦᠽᠧᠶ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠢᠷᠢ ᠬᠡᠮ ᠤᠨ ᠤᠷᠤᠯᠳᠤᠭᠠᠨ ᠤ ᠠᠷᠤ ᠲᠠᠯ᠎ᠠ ᠶᠢᠨ  ᠪᠠᠲᠤᠯᠠᠭ᠎ᠠ ᠶᠢᠨ ᠠᠵᠢᠯ ᠢ ᠲᠡᠭᠦᠰ ᠠᠮᠵᠢᠯᠳᠠ ᠲᠠᠢ ᠪᠠᠶᠡᠯᠡᠭᠦᠯᠪᠡ
ᠨᠡᠶᠢᠲᠡᠯᠡᠭᠰᠡᠨ ᠴᠠᠭ᠄
2024/1/16
    2023 ᠣᠨ ᠤ 12 ᠰᠠᠷ᠎ᠠ ᠶᠢᠨ 22 ᠤᠨ ᠡᠳᠦᠷ ᠠᠴᠠ 2024 ᠣᠨ ᠤ 1 ᠰᠠᠷ᠎ᠠ ᠶᠢᠨ 9 ᠤ ᠡᠳᠦᠷ ᠪᠣᠯᠲᠠᠯ᠎ᠠ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠲᠥᠪ ᠠᠴᠠ ᠭᠤᠤᠯᠯᠠᠨ ᠡᠷᠭᠢᠯᠡᠵᠦ᠂ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠠᠭᠠᠭᠠᠴᠢᠯᠠᠨ ᠡᠷᠭᠢᠯᠡᠭᠰᠡᠨ 2023 — 2024 ᠤᠷᠤᠯᠳᠤᠭᠠᠨ ᠤ ᠤᠯᠠᠷᠢᠯ ᠤᠨ ᠪᠥᠬᠦ ᠤᠯᠤᠰ ᠤᠨ ᠠᠭᠠᠷ ᠤᠨ ᠮᠡᠷᠭᠡᠵᠢᠯ ᠂ ᠲᠠᠩ ᠬᠠᠪᠲᠠᠰᠤ ᠵᠢᠴᠢ ᠴᠢᠯᠥᠭᠡᠲᠦ ᠮᠠᠶ᠋ᠢᠭ ᠤᠨ ᠴᠠᠰᠤᠨ ᠳᠤ ᠭᠤᠯᠭᠤᠬᠤ ᠨᠠᠯᠠᠤ ᠶᠢᠨ ᠰᠠᠭᠠᠳ ᠪᠠ ᠲᠠᠪᠴᠠᠩ ᠬᠠᠷᠠᠶᠢᠯᠲᠠ ᠶᠢᠨ ᠮᠡᠷᠭᠡᠵᠢᠯ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠵᠢᠴᠢ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾  ᠤ ᠭᠤᠷᠪᠠᠨ  ᠵᠦᠢᠯ ᠤᠨ ᠬᠢᠷᠢ ᠬᠡᠮ ᠤᠨ ᠤᠷᠤᠯᠳᠤᠭᠠᠨ ᠵᠠᠯᠠᠨ ᠠᠶᠢᠯ ᠬᠤᠲᠠ ᠶᠢᠨ  ᠶᠢᠨ ᠯᠦᠩ ᠱᠠᠨ ᠤ ᠴᠠᠰᠤᠨ ᠳᠤ ᠭᠤᠯᠭᠤᠬᠤ ᠲᠠᠯᠠᠪᠠᠶ ᠳᠤ ᠲᠡᠭᠦᠰ ᠠᠮᠵᠢᠯᠲᠠ ᠲᠠᠢ ᠲᠡᠭᠦᠰᠪᠡ᠃     ᠭᠤᠷᠪᠠᠨ ᠵᠦᠢᠯ ᠤᠨ ᠬᠢᠷᠢ ᠬᠡᠮ ᠤᠨ ᠤᠷᠤᠯᠳᠤᠭᠠᠨ ᠤ ᠬᠤᠭᠤᠴᠠᠭᠠᠨ ᠳᠤ᠂ ᠵᠠᠯᠠᠨ ᠠᠶᠢᠯ ᠤᠨ ᠮᠦᠽᠧᠢ ᠳᠤ ᠬᠢᠨᠠᠭᠴᠢ ᠶᠢ ᠬᠦᠯᠢᠶᠡᠨ ᠠᠪᠬᠤ ᠠᠵᠢᠯ ᠤᠨ ᠳᠤᠭᠤᠶᠢᠯᠠᠩ ᠪᠠᠶᠢᠭᠤᠯᠵᠤ᠂ ᠣᠷᠳᠣᠨ ᠤ ᠳᠠᠷᠤᠭ᠎ᠠ ᠬᠤᠸᠠ ᠴᠦᠨ ᠯᠢ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠤᠷᠤᠯᠳᠤᠭᠠᠨ ᠤ ᠠᠵᠢᠯ ᠤᠨ ᠳᠤᠭᠤᠶᠢᠯᠠᠩ ᠲᠠᠢ ᠬᠠᠮᠵᠢᠯᠴᠠᠨ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 61 ᠬᠢᠨᠠᠭᠴᠢ ᠶᠢᠨ ᠰᠠᠭᠤᠬᠤ᠂ ᠬᠤᠨᠣᠬᠤ ᠪᠠ ᠶᠠᠪᠤᠵᠤ ᠰᠠᠭᠤᠬᠤ ᠵᠡᠷᠭᠡ ᠦᠢᠯᠡᠴᠢᠯᠡᠭᠡᠨ ᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃     ᠲᠤᠰ ᠤᠳᠠᠭᠠᠨ ᠤ ᠭᠤᠷᠪᠠᠨ ᠵᠦᠢᠯ ᠤᠨ ᠬᠢᠷᠢ ᠬᠡᠮ ᠤᠨ ᠤᠷᠤᠯᠳᠤᠭᠠᠨ ᠤ ᠬᠢᠨᠠᠭᠴᠢ ᠶᠢᠨ ᠬᠦᠯᠢᠶᠡᠨ ᠠᠪᠬᠤ ᠪᠠᠲᠤᠯᠠᠭ᠎ᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾  ᠤ ᠠᠭᠤᠷ ᠠᠮᠢᠰᠬᠤᠯ ᠢ ᠳᠤᠯᠠᠭᠠᠴᠠᠭᠤᠯᠬᠤ ᠶᠢᠨ ᠲᠥᠯᠥᠭᠡ᠂ ᠮᠥᠨ ᠴᠦ ᠬᠢᠨᠠᠭᠴᠢ ᠶᠢᠨ ᠭᠥᠯᠢᠶᠡᠨ ᠠᠪᠬᠤ  ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠ ᠠᠵᠠ ᠲᠣᠬᠢᠶᠠᠯ ᠮᠥᠨ᠂ ᠵᠠᠯᠠᠨ ᠠᠶᠢᠯ ᠤᠨ ᠮᠦᠽᠧᠶ ᠶᠢᠨ ᠠᠵᠢᠯᠲᠠᠳ ᠬᠠᠮᠤᠭ ᠤᠨ ᠬᠠᠯᠠᠭᠤᠨ ᠰᠡᠳᠬᠢᠯᠭᠡ ᠲᠠᠢ᠂ ᠬᠠᠮᠤᠭ ᠤᠨ ᠨᠠᠷᠢᠨ ᠨᠢᠮᠪᠠᠶ ᠪᠡᠯᠡᠳᠬᠡᠯ᠂ ᠬᠠᠮᠤᠭ ᠤᠨ ᠰᠢᠯᠢᠳᠡᠭ  ᠦᠢᠯᠡᠴᠢᠯᠡᠭᠡ ᠪᠠᠷ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠬᠢᠨᠠᠭᠴᠢ ᠶᠢᠨ ᠭᠥᠯᠢᠶᠡᠨ ᠠᠪᠬᠤ ᠪᠠᠲᠤᠯᠠᠭ᠎ᠠ ᠶᠢᠨ ᠠᠵᠢᠯ ᠳᠤ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠣᠷᠣᠯᠴᠠᠵᠤ᠂ ᠤᠷᠤᠯᠳᠤᠭᠠᠨ ᠤ ᠶᠠᠪᠤᠳᠠᠯ ᠢ ᠬᠠᠮᠠᠭᠠᠯᠠᠨ᠎ᠠ᠃  
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ
.cn/❐ń